| ᠭᠠᠴᠠᠭᠠᠨ ᠤ ᠠᠷᠠᠳ ᠤᠨ ᠵᠥᠪᠯᠡᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ | ᠵᠢᠷᠤᠮᠵᠢᠭᠤᠨ ᠪᠥᠭᠡᠳ ᠡᠮᠬᠢ ᠵᠢᠷᠤᠮ ᠲᠠᠢ ᠠᠬᠢᠭᠤᠯᠬᠤ ᠶᠢᠨ ᠲᠥᠯᠥᠭᠡ᠂ 1 ᠰᠠᠷ᠎ᠠ ᠶᠢᠨ 20 ᠤ ᠡᠳᠦᠷ᠂ ᠵᠢᠷᠭᠠᠯ | ᠤᠨ ᠵᠠᠮ ᠰᠤᠮᠤ ᠭᠠᠴᠠᠭᠠᠨ ᠤ ᠠᠷᠠᠳ ᠤᠨ ᠵᠥᠪᠯᠡᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠪᠣᠯᠪᠠᠰᠤᠷᠠᠯ | ᠤᠨ ᠬᠤᠷᠠᠯ ᠬᠤᠷᠠᠯᠳᠤᠭᠤᠯᠪᠠ᠃ ᠰᠤᠮᠤ ᠶᠢᠨ ᠨᠠᠮ ᠤᠨ ᠬᠤᠷᠢᠶᠠᠨ ᠤ ᠱᠦᠵᠢ ᠡᠦ ᠶᠠ ᠫᠢᠩ ᠬᠤᠭᠤᠴᠠᠭ᠎ᠠ | ᠰᠣᠯᠢᠬᠤ ᠰᠣᠩᠭᠤᠭᠤᠯᠢ ᠶᠢᠨ ᠠᠵᠢᠯ ᠳᠤ ᠪᠣᠳᠠᠲᠠᠶ ᠪᠠᠶᠢᠷᠢᠯᠠᠭᠤᠯᠤᠯᠲᠠ ᠪᠠ ᠳᠠᠶᠢᠴᠢᠯᠠᠯᠲᠠ ᠬᠢᠵᠦ᠂ ᠰᠤᠮᠤ ᠶᠢᠨ | ᠪᠥᠬᠦ ᠺᠠᠳ᠋ᠷ᠂ ᠡᠯ᠎ᠡ ᠭᠠᠴᠠᠭ᠎ᠠ ᠲᠣᠰᠬᠤᠨ ᠤ ᠠᠷᠠᠳ ᠤᠨ ᠰᠣᠩᠭᠤᠭᠤᠯᠢ ᠶᠢᠨ ᠵᠥᠪᠯᠡᠯ ᠤᠨ ᠡᠷᠬᠢᠯᠡᠭᠴᠢ ᠪᠤᠯᠪᠠᠰᠤᠷᠠᠯ | ᠳᠤ ᠣᠷᠣᠯᠴᠠᠪᠠ᠃ | ᠬᠤᠷᠠᠯ ᠳᠡᠭᠡᠷ᠎ᠡ᠂ ᠵᠠᠰᠠᠭ ᠤᠨ ᠣᠷᠳᠣᠨ ᠤ ᠳᠡᠳ᠋ ᠰᠤᠮᠤᠨ ᠳᠠᠷᠤᠭ᠎ᠠ ᠶᠠᠩ ᠹᠧᠩ ᠭᠠᠩ ᠭᠠᠴᠠᠭ᠎ᠠ | ᠲᠣᠰᠬᠤᠨ ᠤ ᠠᠷᠠᠳ ᠤᠨ ᠵᠥᠪᠯᠡᠯ ᠤᠨ ᠰᠣᠩᠭᠤᠭᠤᠯᠢ ᠶᠢᠨ ᠬᠠᠮᠢᠶ᠎ᠠ ᠪᠥᠬᠦᠶ ᠠᠵᠢᠯ ᠳᠤ ᠲᠤᠬᠠᠶᠢᠯᠠᠭᠰᠠᠨ ᠠᠵᠢᠯ | ᠤᠨ ᠬᠠᠪᠰᠤᠷᠤᠨ ᠵᠢᠯᠣᠭᠤᠳᠣᠯᠭ᠎ᠠ ᠬᠢᠵᠦ᠂ ᠰᠣᠩᠭᠤᠬᠤ ᠠᠴᠠ ᠡᠮᠦᠨᠡᠬᠢ ᠪᠡᠯᠡᠳᠬᠡᠯ᠂ ᠰᠣᠩᠭᠤᠭᠤᠯᠢ ᠶᠢᠨ ᠲᠠᠰ | ᠳᠠᠷᠠᠭᠠᠯᠠᠯ᠂ ᠠᠵᠢᠯᠲᠠᠨ ᠤ ᠲᠣᠬᠢᠷᠠᠭᠤᠯᠤᠯᠲᠠ᠂ ᠠᠩᠬᠠᠷᠬᠤ ᠵᠦᠶᠯᠡᠰ ᠵᠡᠷᠭᠡ ᠲᠠᠯ᠎ᠠ ᠪᠠᠷ ᠨᠢᠭᠡᠳ ᠨᠢᠭᠡ ᠪᠠᠷ ᠨᠠᠷᠢᠨ | ᠲᠠᠶᠢᠯᠪᠤᠷᠢᠯᠠᠵᠤ᠂ ᠴᠠᠭ ᠤᠨ ᠵᠠᠩᠭᠢᠶᠠᠰᠤ᠂ ᠡᠭᠦᠷᠭᠡ ᠶᠢᠨ ᠠᠵᠢᠯ ᠤᠨ ᠬᠤᠪᠢᠶᠠᠷᠢᠯᠠᠯ᠂ ᠠᠵᠢᠯ ᠤᠨ ᠪᠠᠷᠢᠮᠵᠢᠶ᠎ᠠ ᠵᠢᠴᠢ | ᠠᠵᠢᠯᠯᠠᠬᠤ ᠲᠦᠷᠢᠮ ᠵᠡᠷᠭᠡ ᠲᠠᠯ᠎ᠠ ᠪᠠᠷ ᠪᠣᠳᠠᠲᠠᠶ ᠱᠠᠭᠠᠷᠳᠠᠯᠭ᠎ᠠ ᠳᠤᠷᠠᠳᠪᠠ᠃ | ᠡᠦ ᠶᠠ ᠫᠢᠩ᠂ ᠬᠤᠷᠠᠯ ᠳᠤ ᠣᠷᠣᠯᠴᠠᠭᠰᠠᠳ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ | ᠭᠠᠴᠠᠭ᠎ᠠ ᠲᠣᠰᠬᠤᠨ ᠤ ᠠᠷᠠᠳ ᠤᠨ ᠵᠥᠪᠯᠡᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ | ᠲᠤᠯᠭᠠᠮ᠎ᠠ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠩᠬᠦ ᠴᠢᠩᠭᠠᠳᠬᠠᠵᠤ᠂ ᠨᠠᠮ ᠠᠴᠠ ᠺᠠᠳ᠋ᠷ ᠢ ᠬᠠᠮᠢᠶᠠᠷᠬᠤ | ᠵᠠᠷᠴᠢᠮ ᠢ ᠪᠠᠷᠢᠮᠲᠠᠯᠠᠵᠤ᠂ ᠤᠳᠤᠷᠢᠳᠤᠯᠭ᠎ᠠ ᠪᠠᠨ ᠴᠢᠩᠭᠠᠳᠬᠠᠵᠤ᠂ ᠰᠠᠬᠢᠯᠭ᠎ᠠ ᠪᠠᠲᠤ ᠶᠢ ᠴᠢᠩᠳᠠᠯᠠᠵᠤ᠂ ᠬᠤᠭᠤᠴᠠᠭ᠎ᠠ | ᠰᠣᠯᠢᠬᠤ ᠠᠵᠢᠯ ᠤᠨ ᠵᠥᠪ ᠴᠢᠭᠯᠡᠯ ᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ ᠪᠠᠷᠢᠮᠵᠢᠶᠠᠯᠠᠨ ᠬᠠᠷᠭᠤᠭᠤᠯᠬᠤ | ᠶᠢ ᠪᠠᠷᠢᠮᠲᠠᠯᠠᠵᠤ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠡᠯ᠎ᠡ ᠵᠦᠶᠯ ᠤᠨ ᠠᠵᠢᠯ ᠤᠨ ᠡᠭᠦᠷᠭᠡ ᠶᠢ ᠪᠥᠬᠦ | ᠬᠦᠴᠦᠨ ᠢᠶᠠᠷ ᠢᠶᠠᠨ ᠰᠠᠶᠢᠲᠤᠷ ᠠᠳᠬᠤᠵᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠬᠠᠷᠠᠯᠲᠠ ᠱᠠᠭᠠᠷᠳᠠᠯᠭ᠎ᠠ | ᠶᠢ ᠰᠠᠶᠢᠲᠤᠷ ᠡᠵᠡᠮᠳᠡᠵᠦ᠂ ᠬᠥᠮᠦᠨ ᠰᠣᠩᠭᠤᠬᠤ ᠠᠷᠭ᠎ᠠ ᠵᠠᠮ ᠢ ᠥᠷᠭᠡᠳᠬᠡᠵᠦ᠂ ᠬᠥᠮᠦᠨ ᠰᠣᠩᠭᠤᠬᠤ ᠬᠥᠮᠦᠨ | ᠬᠡᠷᠡᠭᠯᠡᠬᠦ ᠪᠠᠷᠢᠮᠵᠢᠶ᠎ᠠ ᠶᠢ ᠴᠢᠩᠳᠠᠯᠠᠵᠤ᠂ ︽ᠬᠠᠷᠢᠭᠤᠴᠠᠯᠭ᠎ᠠ ᠶᠢ ᠭᠠᠭᠴᠠᠭᠠᠷ ᠡᠬᠦᠷᠬᠡᠯᠡᠬᠦ︾ ᠲᠥᠷᠥ ᠶᠢᠨ ᠪᠣᠳᠣᠯᠭ᠎ᠠ | ᠶᠢᠨ ᠱᠠᠭᠠᠷᠳᠠᠯᠭ᠎ᠠ ᠶᠢ ᠡᠷᠡᠰ ᠬᠡᠷᠡᠭᠵᠢᠭᠦᠯᠵᠦ᠂ ᠬᠤᠭᠤᠴᠠᠭ᠎ᠠ ᠰᠣᠯᠢᠬᠤ ᠰᠣᠩᠭᠤᠭᠤᠯᠢ ᠶᠢ ᠬᠠᠤᠯᠢ ᠲᠣᠭᠲᠠᠭᠠᠯ | ᠶᠣᠰᠣᠭᠠᠷ ᠴᠢᠩᠭ᠎ᠠ ᠥᠷᠨᠢᠭᠦᠯᠬᠦ ᠬᠡᠷᠡᠭᠲᠡᠶ᠃ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ | ᠵᠢᠯᠣᠭᠤᠳᠤᠨ ᠡᠵᠡᠮᠳᠡᠬᠦ ᠶᠢ ᠪᠦᠬᠦ ᠶᠠᠪᠤᠴᠠ ᠳᠤ ᠰᠠᠶᠢᠲᠤᠷ ᠠᠳᠬᠤᠵᠤ᠂ ᠰᠣᠩᠭᠤᠭᠤᠯᠢ ᠶᠢᠨ ᠶᠠᠪᠤᠴᠠ ᠶᠢ ᠴᠢᠩᠭ᠎ᠠ | ᠵᠢᠷᠤᠮᠯᠠᠵᠤ᠂ ᠰᠣᠩᠭᠤᠭᠤᠯᠢ ᠶᠢᠨ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠤᠭᠤᠴᠠᠭ᠎ᠠ ᠰᠣᠯᠢᠬᠤ | ᠠᠵᠢᠯ ᠤᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠵᠢᠷᠭᠠᠯ ᠤᠨ ᠵᠠᠮ ᠰᠤᠮᠤ᠄ ᠤᠶᠤᠨᠴᠢᠮᠡᠭ |