ᠵᠢᠷᠭᠠᠯ ᠤᠨ ᠵᠠᠮ ᠰᠤᠮᠤᠨ ᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ  ᠢ ᠪᠠᠲᠤ ᠪᠣᠶ ᠪᠣᠯᠭᠠᠬᠤ︾ ᠲᠤᠰᠬᠠᠶ ᠰᠡᠳᠦᠪᠲᠦ ᠪᠣᠯᠪᠠᠰᠤᠷᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/1/29
            ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠪᠠ ᠨᠠᠮ ᠤᠨ ᠲᠥᠪ ᠬᠤᠷᠢᠶᠠᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠰᠤᠷᠤᠯᠴᠠᠨ ᠣᠶᠢᠯᠠᠭᠠᠵᠤ ᠭᠦᠨᠵᠡᠭᠡᠶ ᠲᠤᠤᠱᠯᠠᠭᠤᠯᠬᠤ ᠶᠢᠨ ᠲᠥᠯᠥᠭᠡ᠂ 1 ᠰᠠᠷ᠎ᠠ ᠶᠢᠨ 20 ᠤ ᠡᠳᠦᠷ᠂ ᠵᠢᠷᠭᠠᠯ ᠤᠨ ᠵᠠᠮ ᠰᠤᠮᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠰᠤᠮᠤᠨ ᠤ ᠪᠥᠬᠦ ᠺᠠᠳ᠋ᠷ᠂ ᠡᠯ᠎ᠡ ᠭᠠᠴᠠᠭ᠎ᠠ ᠲᠣᠰᠬᠤᠨ ᠤ ᠠᠷᠠᠳ ᠤᠨ ᠰᠣᠩᠭᠤᠭᠤᠯᠢ ᠶᠢᠨ ᠵᠥᠪᠯᠡᠯ ᠤᠨ ᠡᠷᠬᠢᠯᠡᠭᠴᠢ ᠶᠢ ᠵᠣᠬᠢᠶᠠᠨ ᠪᠠᠶᠢᠭᠤᠯᠵᠤ ︽ᠳᠤᠮᠳᠠᠳᠤ  ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠣᠶ ᠪᠣᠯᠭᠠᠬᠤ︾ ᠲᠤᠰᠬᠠᠶ ᠰᠡᠳᠦᠪᠲᠦ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ᠃ ᠬᠤᠷᠠᠯ ᠨᠢ ᠦᠵᠡᠯ ᠰᠠᠨᠠᠭ᠎ᠠ ᠪᠠᠨ ᠨᠢᠭᠡᠳᠬᠡᠵᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠪᠠᠶᠢᠭᠤᠯᠭ᠎ᠠ᠂ ᠭᠠᠴᠠᠭ᠎ᠠ ᠲᠣᠰᠬᠤᠨ ᠤ ᠺᠠᠳ᠋ᠷ ᠤᠨ ᠦᠵᠡᠯ ᠤᠬᠠᠮᠰᠠᠷ ᠢ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠴᠢᠨᠠᠭᠰᠢᠳᠠ ᠪᠠᠬᠢᠵᠢᠭᠦᠯᠬᠦ ᠪᠠᠷ ᠵᠣᠷᠢᠯᠲᠠ ᠪᠠᠨ ᠪᠣᠯᠭᠠᠵᠠᠶ᠃ ᠰᠤᠮᠤ ᠶᠢᠨ ᠨᠠᠮ ᠤᠨ ᠬᠤᠷᠢᠶᠠᠨ ᠤ ᠱᠦᠵᠢ ᠡᠦ ᠶᠠ ᠫᠢᠩ ᠬᠤᠷᠠᠯ  ᠢ ᠡᠷᠭᠢᠯᠡᠪᠡ᠃     ᠪᠣᠯᠪᠠᠰᠤᠷᠠᠯ ᠤᠨ ᠬᠤᠷᠠᠯ ᠳᠡᠭᠡᠷ᠎ᠡ᠂ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠬᠠᠰᠲᠤᠶᠠᠭ᠎ᠠ ᠪᠠᠭᠰᠢ ︽ᠦᠨᠳᠦᠰᠦᠲᠡᠨ ᠤ ᠪᠦᠯᠬᠦᠮᠳᠡᠯ ᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠣᠶ ᠪᠣᠯᠭᠠᠶ᠎ᠠ︾ ᠭᠡᠬᠦ ᠭᠤᠤᠯ ᠰᠡᠳᠦᠪ ᠢᠶᠠᠷ ᠬᠤᠷᠠᠯ ᠳᠤ ᠣᠷᠣᠯᠴᠠᠭᠰᠠᠳ ᠲᠤ ᠲᠤᠰᠬᠠᠶ ᠰᠡᠳᠦᠪ ᠢᠶᠠᠷ ᠬᠢᠴᠢᠶᠡᠯ ᠣᠷᠣᠪᠠ᠃  ᠬᠠᠰᠲᠤᠶᠠᠭ᠎ᠠ ᠪᠠᠭᠰᠢ ᠶᠡᠷᠦᠩᠬᠡᠶ ᠱᠦᠵᠢ ᠰᠢ  ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠲᠤᠬᠠᠶ ᠴᠢᠬᠤᠯᠠ ᠥᠭᠦᠯᠡᠯᠲᠡ ᠶᠢᠨ ᠲᠣᠭᠤᠷᠢᠨ ᠳᠤ᠂ ᠦᠨᠳᠦᠰᠦᠲᠡᠨ  ᠤ ᠠᠰᠠᠭᠤᠳᠠᠯ ᠪᠠ ᠦᠨᠳᠦᠰᠦᠲᠡᠨ ᠤ ᠠᠵᠢᠯ ᠤᠨ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠨᠢ ᠳᠤᠮᠳᠠᠳᠤ  ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠭᠤᠤᠯ ᠰᠡᠳᠦᠪ ᠪᠠ ᠠᠭᠤᠯᠤᠭᠳᠠᠬᠤᠨ ᠢ ᠡᠵᠡᠮᠳᠡᠬᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠮᠥᠨ ᠴᠢᠨᠠᠷ ᠪᠠ ᠠᠴᠢ ᠬᠤᠯᠪᠣᠭᠳᠠᠯ ᠢ ᠤᠶᠢᠯᠠᠭᠠᠨ ᠪᠠᠲᠤᠵᠢᠭᠤᠯᠬᠤ ᠶᠢ ᠰᠢᠰᠲ᠋ᠧᠮ ᠲᠠᠢ ᠬᠢᠨᠠᠨ ᠵᠢᠯᠣᠭᠤᠳᠪᠠ᠃      ᠲᠣᠰ ᠤᠳᠠᠭᠠᠨ ᠤ ᠪᠣᠯᠪᠠᠰᠤᠷᠠᠭᠤᠯᠤᠯ ᠨᠢ ᠪᠥᠬᠦ ᠰᠤᠮᠤ ᠶᠢᠨ ᠺᠠᠳ᠋ᠷ ᠠᠵᠢᠯᠲᠠᠨ ᠠᠵᠢᠯᠴᠢᠨ ᠤ ᠦᠨᠳᠦᠰᠦᠲᠡᠨ  ᠤ ᠪᠦᠯᠬᠦᠮᠳᠡᠯ ᠤᠨ ᠴᠢᠬᠤᠯᠠ ᠴᠢᠨᠠᠷ ᠤᠨ ᠲᠤᠬᠠᠶ ᠨᠠᠩ ᠭᠦᠨᠵᠡᠭᠡᠶ ᠨᠠᠩ ᠰᠡᠷᠭᠡᠭ ᠣᠶᠢᠯᠠᠭᠠᠯᠲᠠ ᠪᠠ ᠲᠠᠨᠢᠯᠲᠠ ᠶᠢ ᠪᠣᠶ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠣᠶ ᠪᠣᠯᠭᠠᠬᠤ ᠤᠯᠤᠰ ᠲᠥᠷᠥ ᠶᠢᠨ ᠤᠬᠠᠮᠰᠠᠷ᠂ ᠣᠨᠣᠯ ᠤᠨ ᠤᠬᠠᠮᠰᠠᠷ ᠪᠠ ᠦᠶᠯᠡ ᠠᠵᠢᠯᠯᠠᠭ᠎ᠠ ᠶᠢᠨ ᠤᠬᠠᠮᠰᠠᠷ ᠢ ᠦᠨᠡᠩᠬᠦ ᠴᠢᠩᠭᠠᠳᠬᠠᠬᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ  ᠢ ᠰᠠᠶᠢᠲᠤᠷ ᠬᠢᠬᠦ ᠳᠤ ᠪᠠᠲᠤ ᠪᠠᠬᠢ ᠦᠵᠡᠯ ᠰᠠᠨᠠᠭᠠᠨ ᠤ ᠰᠠᠭᠤᠷᠢ ᠪᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠭᠰᠠᠨ ᠪᠠᠶᠢᠨ᠎ᠠ᠃      ᠵᠢᠷᠭᠠᠯ ᠤᠨ ᠵᠠᠮ ᠰᠤᠮᠤ᠄ ᠤᠶᠤᠨᠴᠢᠮᠡᠭ
 
ᠢᠷᠡᠯᠲᠡ᠄ ᠪᠠᠭᠠᠷᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05001926号-2