| 1 ᠰᠠᠷ᠎ᠠ ᠶᠢᠨ 21 ᠤ ᠡᠳᠦᠷ᠂ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ | ᠲᠣᠪᠴᠢᠶᠠᠨ ᠤ ᠳᠡᠳ᠋ ᠳᠠᠷᠤᠭ᠎ᠠ ᠪᠤᠤ ᠰᠢᠶᠤᠤ ᠵᠢᠩ ᠪᠠᠶᠠᠨᠬᠤᠰᠢᠭᠤ ᠪᠠᠯᠭᠠᠰᠤᠨ ᠳᠤ ᠬᠦᠷᠴᠦ ᠴᠡᠷᠢᠭ ᠠᠴᠠ | ᠬᠠᠯᠠᠭᠳᠠᠭᠰᠠᠳ ᠵᠢᠶᠠ ᠵᠠᠨ ᠶᠢᠦ᠂ ᠬᠠᠨ ᠹᠧᠩ ᠶᠤᠸᠠᠨ᠂ ᠺᠦᠩ ᠹᠠᠨ ᠯᠢ᠂ ᠯᠢ ᠴᠢᠩ᠂ ᠯᠢ ᠹᠧᠩ ᠯᠢᠩ ᠢ | ᠪᠣᠯᠭᠤᠭᠠᠨ ᠲᠣᠬᠤᠨᠢᠭᠤᠯᠵᠤ᠂ ᠭᠤᠷᠪᠠᠳᠤᠭᠠᠷ ᠳᠡᠰ ᠤᠨ ᠭᠠᠪᠢᠶ᠎ᠠ ᠪᠠᠶᠢᠭᠤᠯᠤᠭᠰᠠᠨ ᠴᠧᠨ ᠽᠢ ᠵᠢᠶᠧ ᠶᠢᠨ ᠬᠡᠷ | ᠪᠦᠯᠢ᠂ ᠰᠢᠦᠢ ᠵᠢᠦ ᠶᠠᠩ ᠤᠨ ᠬᠡᠷ ᠪᠦᠯᠢ ᠶᠢᠨ ᠬᠢᠨ ᠳᠤ ᠪᠠᠶᠠᠷ ᠤᠨ ᠮᠡᠳᠡᠭᠡ ᠬᠦᠷᠬᠡᠭᠰᠡᠨ ᠪᠠ ᠲᠣᠬᠤᠨᠢᠭᠤᠯᠬᠤ | ᠮᠥᠩᠭᠦ ᠭᠠᠷᠳᠠᠭᠤᠯᠪᠠ᠃ ᠪᠠᠯᠭᠠᠰᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ᠂ ᠠᠷᠠᠳ ᠤᠨ ᠵᠡᠪᠰᠡᠭᠲᠦ | ᠬᠦᠴᠦᠨ ᠤ ᠬᠡᠯᠲᠡᠰ ᠤᠨ ᠳᠠᠷᠤᠭ᠎ᠠ ᠶᠤᠸᠠᠢ ᠴᠧᠩ ᠫᠧᠩ ᠪᠠᠷ᠎ᠠ ᠪᠣᠯᠪᠠ᠃ | ᠪᠦ᠋ ᠰᠢᠶᠤᠤ ᠵᠢᠩ ᠭᠤᠷᠪᠠᠳᠤᠭᠠᠷ ᠳᠡᠰ ᠤᠨ ᠭᠠᠪᠢᠶ᠎ᠠ ᠪᠠᠶᠢᠭᠤᠯᠤᠭᠰᠠᠨ ᠴᠧᠨ ᠽᠢ ᠵᠢᠶᠧ ᠶᠢᠨ ᠬᠡᠷ ᠤᠨ | ᠬᠥᠮᠦᠰ᠂ ᠰᠢᠦᠢ ᠵᠢᠦ ᠶᠠᠩ ᠤᠨ ᠬᠡᠷ ᠤᠨ ᠬᠦᠮᠦᠰ ᠲᠠᠢ ᠠᠭᠤᠯᠵᠠᠵᠤ᠂ ᠲᠡᠳᠡᠨ ᠤ ᠦᠶᠯᠡᠳᠪᠦᠷᠢᠯᠡᠯ ᠠᠮᠢᠳᠤᠷᠠᠯ ᠤᠨ | ᠪᠠᠶᠢᠳᠠᠯ ᠢ ᠨᠠᠷᠢᠨ ᠣᠶᠢᠯᠠᠭᠠᠵᠤ᠂ ᠤᠯᠤᠰ ᠤᠨ ᠲᠥᠷᠥ ᠶᠢᠨ ᠪᠣᠳᠣᠯᠭ᠎ᠠ ᠶᠢ ᠢᠳᠡᠪᠬᠢᠲᠡᠶ ᠤᠬᠠᠭᠤᠯᠤᠭᠰᠠᠨ ᠪᠥᠭᠡᠳ | ᠲᠡᠳᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠪᠠ ᠴᠢᠩ ᠰᠡᠳᠬᠢᠯ ᠤᠨ ᠵᠥᠩᠨᠡᠯ ᠳᠡᠪᠰᠢᠭᠦᠯᠵᠦ᠂ ᠲᠡᠳᠡᠨ ᠤ | ᠤᠯᠤᠰ ᠣᠷᠣᠨ ᠳᠤ ᠬᠥᠮᠦᠵᠢᠭᠦᠯᠵᠦ ᠥᠭᠭᠦᠭᠰᠡᠨ ᠰᠠᠶᠢᠨ ᠬᠥᠪᠡᠭᠦᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ | ᠬᠡᠷ ᠤᠨ ᠬᠥᠮᠦᠰ ᠨᠢ᠂ ᠵᠠᠰᠠᠭ ᠤᠨ ᠣᠷᠳᠣᠨ ᠠᠴᠠ ᠬᠡᠷ ᠪᠦᠯᠢ ᠶᠢᠨ ᠬᠢᠨ ᠢ ᠬᠠᠯᠠᠮᠵᠢᠯᠠᠵᠤ ᠪᠠᠶᠢᠬᠤ ᠳᠤ ᠮᠠᠰᠢ | ᠲᠠᠯᠠᠷᠬᠠᠵᠤ ᠪᠠᠶᠢᠨ᠎ᠠ᠂ ᠬᠡᠦᠬᠡᠳ ᠤᠨ ᠴᠡᠷᠢᠭ ᠠᠩᠭᠢ ᠳᠤ ᠣᠯᠤᠭᠰᠠᠨ ᠠᠮᠵᠢᠯᠲᠠ ᠪᠦᠲᠦᠮᠵᠢ ᠳᠤ ᠣᠮᠣᠭᠰᠢᠵᠤ | ᠪᠠᠶᠢᠨ᠎ᠠ᠂ ᠲᠠᠳᠠ ᠬᠦᠦ ᠶᠢᠨ ᠢᠶᠠᠨ ᠴᠡᠷᠢᠭ ᠠᠩᠭᠢ ᠳᠤ ᠴᠢᠷᠮᠠᠶᠢᠨ ᠠᠵᠢᠯᠯᠠᠬᠤ ᠶᠢ ᠦᠷᠭᠦᠯᠵᠢᠯᠡᠨ ᠳᠡᠮᠵᠢᠵᠦ᠂ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠳᠤ ᠴᠢᠷᠮᠠᠶᠢᠨ ᠬᠤᠪᠢ ᠨᠡᠮᠡᠷᠢ ᠦᠵᠡᠭᠦᠯᠦᠨ᠎ᠡ | ᠬᠡᠵᠠᠢ᠃ | ᠴᠡᠷᠢᠭ ᠠᠴᠠ ᠬᠠᠯᠠᠭᠳᠠᠭᠰᠠᠳ ᠵᠢᠶᠠ ᠵᠠᠨ ᠶᠢᠦ᠂ ᠬᠠᠨ ᠹᠧᠩ ᠶᠤᠸᠠᠨ᠂ ᠺᠦᠩ ᠹᠠᠨ ᠯᠢ᠂ ᠯᠢ ᠴᠢᠩ᠂ ᠯᠢ | ᠹᠧᠩ ᠯᠢᠩ ᠤᠨ ᠭᠡᠷ ᠲᠤ ᠬᠦᠷᠦᠭᠰᠡᠨ ᠤ ᠳᠠᠷᠠᠭ᠎ᠠ᠂ ᠪᠤᠤ ᠰᠢᠶᠤᠤ ᠵᠢᠩ ᠴᠡᠷᠢᠭ ᠠᠴᠠ ᠬᠠᠯᠠᠭᠳᠠᠭᠰᠠᠳ ᠤᠨ ᠪᠡᠶ᠎ᠡ | ᠮᠠᠬᠠᠪᠤᠳ ᠤᠨ ᠪᠠᠶᠢᠳᠠᠯ ᠵᠢᠴᠢ ᠭᠡᠷ ᠪᠦᠯᠢ ᠶᠢᠨ ᠪᠠᠶᠢᠳᠠᠯ ᠢ ᠨᠠᠷᠢᠨ ᠠᠰᠠᠭᠤᠵᠤ᠂ ᠳᠡᠳᠡᠨ ᠲᠠᠢ ᠵᠣᠭᠤᠭ ᠳᠡᠯᠭᠡᠵᠦ᠂ | ᠬᠠᠮᠲᠤ ᠪᠠᠷ ᠴᠡᠷᠢᠭ ᠠᠴᠠ ᠬᠠᠯᠠᠭᠳᠠᠭᠰᠠᠳ ᠤᠨ ᠭᠡᠷ ᠪᠦᠯᠢ ᠳᠤ ᠵᠦᠩᠨᠡᠯ ᠪᠡᠯᠬᠡᠳᠡᠯ ᠬᠦᠷᠭᠡᠵᠦ᠂ ᠨᠠᠮ ᠪᠣᠯᠤᠨ | ᠵᠠᠰᠠᠭ ᠤᠨ ᠣᠷᠳᠣᠨ ᠤ ᠳᠣᠲᠣᠨᠣ ᠮᠡᠨᠳᠦᠴᠢᠯᠡᠯ ᠪᠠ ᠲᠡᠳᠡᠨᠠᠷ ᠢ ᠬᠠᠯᠠᠮᠵᠢᠯᠠᠵᠤ ᠪᠠᠶᠢᠭ᠎ᠠ ᠶᠢ ᠢᠯᠡᠳᠬᠡᠪᠡ᠃ | | | | |