ᠴᠠᠭᠠᠨᠮᠦ᠋ᠷᠡᠨ ᠰᠤᠮᠤ ︽ᠮᠠᠯᠴᠢᠨ ᠡᠷᠦᠬᠡ + ᠺᠣᠮᠫᠠᠨᠢ︾ ᠬᠤᠷᠰᠢᠨ ᠲᠡᠵᠢᠭᠡᠨ ᠦᠷᠡᠵᠢᠭᠦᠯᠬᠦ ᠵᠠᠭᠪᠤᠷ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2021/1/29
      2019 ᠣᠨ ᠳᠤ ᠴᠠᠭᠠᠨᠮᠦ᠋ᠷᠡᠨ ᠰᠤᠮᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠠᠭᠤᠰᠤᠯᠴᠠᠭᠰᠠᠨ ᠨᠠᠮ ᠤᠨ ᠪᠠᠶᠢᠭᠤᠯᠤᠯᠲᠠ ᠵᠢᠴᠢ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠪᠠᠷ ᠳᠠᠮᠵᠢᠭᠤᠯᠤᠨ ᠪᠠᠷᠠᠭᠤᠨ ᠦᠵᠦᠮᠦᠴᠢᠨ ᠬᠤᠰᠢᠭᠤᠨ ᠤ ᠳ᠋ᠦᠩ ᠬᠤᠶ ᠮᠠᠯ ᠠᠵᠤ ᠠᠬᠤᠶ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠣᠷᠣᠭᠤᠯᠤᠨ ᠠᠪᠴᠢᠷᠠᠵᠤ᠂ ᠵᠤᠯᠠᠴᠢᠨ ᠭᠠᠴᠠᠭᠠᠨ ᠤ ᠮᠠᠯᠴᠢᠨ ᠡᠷᠦᠬᠡ ᠬᠠᠰᠲᠤᠯᠭᠠᠭᠤᠷᠢ ᠵᠡᠷᠭᠡ ᠮᠠᠯᠴᠢᠳ ᠲᠠᠢ ᠮᠠᠯᠴᠢᠨ ᠡᠷᠦᠬᠡ + ᠺᠣᠮᠫᠠᠨᠢ ᠶᠢᠨ ᠬᠠᠮᠲᠤᠷᠠᠨ ᠲᠡᠵᠢᠭᠡᠨ ᠦᠷᠡᠵᠢᠭᠦᠯᠬᠦ ᠵᠠᠭᠪᠤᠷ ᠤᠨ ᠲᠥᠷᠥᠯ ᠵᠦᠶᠯ ᠢ ᠲᠣᠭᠲᠠᠵᠤ᠂ ᠪᠥᠬᠦ ᠵᠢᠯ ᠳᠤ ᠦᠯᠴᠢᠷ ᠬᠤᠨᠢ ᠶᠢ ᠬᠠᠰᠢᠶᠠᠯᠠᠨ ᠲᠡᠵᠢᠭᠡᠵᠦ ᠲᠡᠵᠢᠭᠡᠨ ᠦᠷᠡᠵᠢᠭᠦᠯᠪᠡ᠂ ᠣᠲᠣ ᠪᠣᠯᠲᠠᠯ᠎ᠠ᠂ ᠪᠥᠬᠦ ᠰᠤᠮᠤᠨ ᠤ 12 ᠡᠷᠦᠬᠡ ᠮᠠᠯᠴᠢᠳ ᠲᠣᠰ ᠬᠠᠮᠲᠤᠷᠠᠯᠴᠠᠭᠠᠨ ᠤ ᠲᠥᠷᠥᠯ ᠵᠦᠶᠯ᠂ ᠲᠡᠵᠢᠭᠡᠨ ᠦᠷᠡᠵᠢᠭᠦᠯᠬᠦ ᠬᠠᠮᠲᠤᠷᠠᠯᠴᠠᠭᠠᠨ ᠤ ᠲᠥᠷᠥᠯ ᠵᠦᠶᠯ ᠳᠤ 6370 ᠲᠤᠯᠤᠭᠠᠢ ᠦᠯᠴᠢᠷ ᠬᠤᠨᠢ ᠲᠡᠵᠢᠭᠡᠵᠦ ᠪᠠᠶᠢᠨ᠎ᠠ᠃       ᠵᠤᠯᠠᠴᠢᠨ ᠭᠠᠴᠠᠭᠠᠨ ᠤ ᠮᠠᠯᠴᠢᠨ ᠬᠠᠰᠲᠤᠯᠭᠠᠭᠤᠷᠢ 2019 ᠣᠨ ᠤ 9 ᠰᠠᠷ᠎ᠠ ᠠᠴᠠ ᠡᠬᠢᠯᠡᠨ ᠪᠠᠷᠠᠭᠤᠨ ᠦᠵᠦᠮᠦᠴᠢᠨ ᠬᠤᠰᠢᠭᠤᠨ ᠤ ᠳ᠋ᠦᠩ ᠬᠤᠶ ᠮᠠᠯ ᠠᠵᠤ ᠠᠬᠤᠶ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠲᠠᠢ ᠬᠠᠮᠲᠤᠷᠠᠨ ᠦᠯᠴᠢᠷ ᠬᠤᠨᠢ ᠲᠡᠵᠢᠭᠡᠵᠦ᠂ ᠪᠥᠬᠦ ᠵᠢᠯ ᠳᠤ 728 ᠲᠤᠯᠤᠭᠠᠢ ᠬᠠᠰᠢᠶᠠᠯᠠᠨ ᠲᠡᠵᠢᠭᠡᠵᠦ᠂ ᠣᠲᠣ ᠪᠣᠯᠬᠤ ᠳᠤ ᠬᠡᠷ ᠪᠦᠯᠢ ᠶᠢᠨ ᠴᠡᠪᠡᠷ ᠣᠷᠣᠯᠭ᠎ᠠ ᠨᠢ 9.2 ᠲᠦᠮᠡᠨ ᠲᠥᠭᠦᠷᠢᠭ ᠲᠤ ᠬᠦᠷᠴᠡᠶ᠃ ᠵᠢᠯ ᠰᠢᠬᠠᠮ ᠤᠨ ᠲᠡᠵᠢᠭᠡᠨ ᠦᠷᠡᠵᠢᠭᠦᠯᠬᠦ ᠪᠠᠷ ᠳᠠᠮᠵᠢᠭᠠᠳ ᠬᠠᠰᠳᠤᠯᠭᠠᠭᠤᠷᠢ ᠲᠡᠵᠢᠭᠡᠨ ᠦᠷᠡᠵᠢᠭᠦᠯᠬᠦ ᠮᠡᠷᠭᠡᠵᠢᠯ ᠨᠢᠭᠡᠨᠲᠡ ᠪᠣᠯᠪᠠᠰᠤᠷᠠᠩᠭᠤᠢ ᠪᠤᠯᠵᠤ᠂ ᠬᠠᠰᠢᠶ᠎ᠠ ᠰᠠᠷᠠᠪᠴᠢ ᠵᠡᠷᠭᠡ ᠰᠠᠭᠤᠷᠢ ᠲᠥᠬᠦᠭᠡᠷᠦᠮᠵᠢ ᠶᠢ ᠤᠯᠠᠮ ᠨᠢᠭᠡ ᠠᠯᠬᠤᠮ ᠰᠠᠶᠢᠵᠢᠷᠠᠭᠤᠯᠬᠤ ᠪᠠᠷ ᠲᠥᠯᠥᠪᠯᠡᠵᠦ᠂ ᠨᠢᠭᠡ ᠪᠦᠯᠦᠭ ᠡᠮ᠎ᠡ ᠬᠤᠨᠢ ᠪᠤᠶᠤ 500 ᠲᠣᠯᠣᠭᠠᠢ ᠬᠤᠨᠢ ᠲᠡᠵᠢᠭᠡᠨ ᠦᠷᠡᠵᠢᠭᠦᠯᠬᠦ ᠪᠠᠷ ᠥᠷᠭᠡᠳᠬᠡᠵᠦ᠂ ᠵᠢᠱᠢᠯᠲᠡ ᠪᠠᠷ 2021 ᠣᠨ ᠤ ᠣᠷᠣᠯᠭ᠎ᠠ 15 ᠲᠦᠮᠡᠨ ᠲᠥᠭᠦᠷᠢᠭ ᠲᠤ ᠬᠦᠷᠬᠦ ᠪᠣᠯᠤᠨ᠎ᠠ᠃        ᠮᠠᠯᠵᠢᠬᠤ ᠡᠷᠦᠬᠡ ᠬᠢᠭᠡᠳ ᠺᠣᠮᠫᠠᠨᠢ ᠶᠢᠨ ᠬᠠᠮᠲᠤᠷᠠᠨ ᠠᠵᠢᠯᠯᠠᠬᠤ ᠡᠲᠡᠭᠡᠳ ᠨᠢ ᠮᠠᠯᠵᠢᠬᠤ ᠡᠷᠦᠬᠡ ᠬᠢᠭᠡᠳ ᠺᠣᠮᠫᠠᠨᠢ ᠭᠤᠷᠪᠠᠨ ᠵᠢᠯ ᠢᠶᠠᠷ ᠨᠢᠭᠡ ᠬᠤᠭᠤᠴᠠᠭ᠎ᠠ ᠪᠣᠯᠭᠠᠭᠰᠠᠨ ᠬᠠᠮᠲᠤᠷᠠᠨ ᠲᠡᠵᠢᠭᠡᠵᠦ ᠦᠷᠡᠵᠢᠭᠦᠯᠬᠦ ᠬᠡᠯᠡᠯᠴᠡᠭᠡᠷ ᠤᠨ ᠭᠡᠷ᠎ᠡ ᠲᠣᠭᠲᠠᠵᠤ᠂ ᠮᠠᠯᠵᠢᠬᠤ ᠡᠷᠦᠬᠡ ᠨᠢ ᠬᠠᠰᠢᠶᠠᠯᠠᠨ ᠲᠡᠵᠢᠭᠡᠵᠦ ᠦᠷᠡᠵᠢᠭᠦᠯᠬᠦ ᠶᠢ ᠪᠠᠲᠤᠯᠠᠬᠤ ᠪᠡᠯᠡᠳᠬᠡᠮᠵᠢ ᠲᠥᠬᠦᠭᠡᠷᠦᠮᠵᠢ ᠵᠢᠴᠢ ᠠᠷᠠᠴᠢᠯᠠᠨ ᠲᠡᠵᠢᠭᠡᠬᠦ ᠬᠥᠳᠡᠯᠮᠦᠷᠢ ᠬᠦᠴᠦᠨ ᠢ ᠬᠠᠩᠭᠠᠨ᠎ᠠ᠃ ᠺᠣᠮᠫᠠᠨᠢ 150 ᠲᠣᠯᠣᠭᠠᠶ ᠵᠢᠱᠢᠭᠰᠡᠨ ᠦᠷᠡᠵᠢᠯᠳᠠ ᠶᠢᠨ ᠬᠤᠭᠤᠴᠠᠭ᠎ᠠ ᠲᠠᠢ ᠴᠢᠨᠠᠷ ᠰᠠᠶᠢᠲᠠᠶ ᠡᠮ᠎ᠡ ᠢᠮᠠᠭ᠎ᠠ ᠵᠢᠴᠢ 500 ᠲᠣᠯᠣᠭᠠᠶ ᠪᠣᠶᠢᠵᠢᠭᠤᠯᠤᠭᠰᠠᠨ ᠢᠮᠠᠭ᠎ᠠ ᠬᠠᠩᠭᠠᠵᠤ᠂ ᠬᠡᠷᠡᠭᠰᠡᠬᠦ ᠲᠡᠵᠢᠭᠡᠯ ᠡᠪᠡᠰᠦ ᠪᠣᠷᠳᠤᠭ᠎ᠠ᠂ ᠬᠢᠵᠢᠭ ᠢ ᠰᠡᠷᠭᠡᠶᠢᠯᠡᠨ ᠵᠠᠰᠠᠬᠤ ᠡᠮ ᠤᠨ ᠵᠦᠶᠯ ᠵᠢᠴᠢ ᠦᠶᠯᠡᠴᠢᠯᠡᠭᠡ᠂ ᠠᠷᠠᠴᠢᠯᠠᠨ ᠲᠡᠵᠢᠭᠡᠬᠦ ᠠᠷᠭ᠎ᠠ ᠮᠠᠶ᠋ᠢᠭ᠂ ᠲᠡᠵᠢᠭᠡᠨ ᠦᠷᠡᠵᠢᠭᠦᠯᠬᠦ ᠮᠡᠷᠭᠡᠵᠢᠯ ᠵᠡᠷᠭᠡ ᠲᠡᠵᠢᠭᠡᠨ ᠦᠷᠡᠵᠢᠭᠦᠯᠬᠦ ᠳᠤ ᠬᠡᠷᠡᠭᠰᠡᠬᠦ ᠡᠳ᠋ ᠪᠣᠳᠠᠰ ᠵᠢᠴᠢ ᠮᠡᠷᠭᠡᠵᠢᠯ᠂ ᠦᠶᠯᠡᠴᠢᠯᠡᠭᠡ ᠶᠢ ᠬᠠᠩᠭᠠᠪᠠ᠃ ᠮᠠᠯᠵᠢᠬᠤ ᠡᠷᠦᠬᠡ ᠺᠣᠮᠫᠠᠨᠢ ᠶᠢᠨ ᠱᠠᠭᠠᠷᠳᠠᠯᠭ᠎ᠠ ᠶᠣᠰᠣᠭᠠᠷ ᠬᠦᠢᠲᠡᠨ ᠳᠤ ᠲᠡᠰᠪᠦᠷᠢᠳᠠᠢ ᠦᠯᠴᠢᠷ ᠬᠤᠨᠢ ᠲᠡᠵᠢᠭᠡᠨ ᠦᠷᠡᠵᠢᠭᠦᠯᠵᠦ᠂ ᠺᠣᠮᠫᠠᠨᠢ ᠨᠢ ᠰᠠᠷ᠎ᠠ ᠪᠦᠷᠢ ᠶᠢᠨ 19 ᠤ ᠡᠳᠦᠷ  ᠰᠠᠷ᠎ᠠ ᠪᠦᠷᠢ ᠡᠮ᠎ᠡ ᠬᠤᠨᠢ 20 ᠲᠥᠭᠦᠷᠢᠭ᠂ ᠪᠣᠶᠢᠵᠢᠭᠤᠯᠤᠭᠰᠠᠨ ᠬᠤᠨᠢ 8 ᠲᠥᠭᠦᠷᠢᠭ ᠢᠶᠠᠷ ᠪᠣᠳᠣᠬᠤ ᠠᠷᠭ᠎ᠠ ᠪᠠᠷ ᠴᠠᠯᠢᠩ ᠣᠯᠭᠤᠵᠤ᠂ ᠲᠥᠯ ᠪᠦᠷᠢ ᠳᠡᠭᠡᠨ 35 ᠵᠢᠩ ᠬᠤᠷᠠᠭ᠎ᠠ 40 ᠲᠥᠭᠦᠷᠢᠭ ᠤᠨ ᠠᠷᠭ᠎ᠠ ᠮᠠᠶ᠋ᠢᠭ ᠢᠶᠠᠷ ᠠᠮᠵᠢᠯᠲᠠ ᠪᠦᠲᠦᠮᠵᠢ ᠶᠢᠨ ᠴᠠᠯᠢᠩ ᠣᠯᠭᠤᠨ᠎ᠠ᠃ ᠺᠣᠮᠫᠠᠨᠢ ᠶᠢᠨ ᠦᠶᠯᠡᠴᠢᠯᠡᠭᠡᠨ ᠤ ᠮᠡᠷᠭᠡᠵᠢᠯ ᠤᠨ ᠠᠵᠢᠯᠲᠠᠨ ᠡᠳᠦᠷ ᠪᠦᠷᠢ ᠲᠣᠭᠤᠷᠢᠨ ᠪᠠᠶᠢᠴᠠᠭᠠᠵᠤ ᠵᠢᠭᠠᠨ ᠵᠢᠯᠣᠭᠤᠳᠴᠤ᠂ ᠬᠡᠬᠡᠯ ᠲᠤᠭᠳᠠᠵᠤ ᠲᠡᠶᠢᠯᠬᠦ ᠦᠬᠡᠢ ᠡᠮ᠎ᠡ ᠬᠤᠨᠢ᠂ ᠡᠪᠡᠳᠴᠢᠨ ᠲᠠᠢ ᠵᠡᠮᠳᠡᠭ ᠢ ᠰᠢᠭᠰᠢᠭᠳᠡᠭᠦᠯᠦᠭᠰᠡᠨ ᠵᠡᠷᠭᠡ ᠪᠠᠶᠢᠳᠠᠯ ᠢ ᠴᠠᠭ ᠲᠤᠬᠠᠶ ᠳᠤᠨᠢ ᠢᠯᠡᠷᠡᠭᠦᠯᠵᠦ᠂ ᠴᠠᠭ ᠲᠤᠬᠠᠶ ᠳᠤᠨᠢ ᠺᠣᠮᠫᠠᠨᠢ ᠲᠠᠢ ᠬᠠᠷᠢᠯᠴᠠᠨ ᠰᠣᠯᠢᠵᠤ᠂ ᠬᠤᠨᠢᠨ ᠰᠦᠷᠦᠭ ᠤᠨ ᠡᠷᠡᠭᠦᠯ ᠢᠶᠠᠷ ᠦᠷᠡᠵᠢᠭᠦᠯᠦᠨ ᠪᠣᠶᠢᠵᠢᠭᠤᠯᠬᠤ ᠶᠢ ᠪᠠᠲᠤᠯᠠᠨ᠎ᠠ᠃        ᠮᠠᠯᠵᠢᠬᠤ ᠡᠷᠦᠬᠡ + ᠺᠣᠮᠫᠠᠨᠢ ᠶᠢᠨ ᠬᠤᠷᠰᠢᠨ ᠲᠡᠵᠢᠭᠡᠨ ᠦᠷᠡᠵᠢᠭᠦᠯᠬᠦ ᠵᠠᠭᠪᠤᠷ ᠤᠨ ᠲᠥᠷᠥᠯ ᠵᠦᠶᠯ ᠢ ᠣᠷᠣᠭᠤᠯᠤᠭᠰᠠᠨ ᠢᠶᠠᠷ ᠵᠤᠯᠠᠴᠢᠨ ᠭᠠᠴᠠᠭᠠᠨ ᠤ ᠥᠷᠭᠡᠨ ᠣᠯᠠᠨ ᠮᠠᠯᠴᠢᠳ ᠤᠨ ᠤᠯᠠᠮᠵᠢᠯᠠᠯᠲᠤ ᠦᠵᠡᠯ ᠰᠠᠨᠠᠭ᠎ᠠ ᠣᠶᠢᠯᠠᠭᠠᠭᠳᠠᠬᠤᠨ ᠪᠠ ᠪᠦᠳᠦᠭᠦᠯᠢᠭ ᠬᠡᠯᠪᠡᠷᠢ ᠶᠢᠨ ᠲᠡᠵᠢᠭᠡᠨ ᠦᠷᠡᠵᠢᠭᠦᠯᠬᠦ ᠵᠠᠭᠪᠤᠷ ᠢ ᠶᠡᠭᠡ ᠬᠡᠮᠵᠢᠶ᠎ᠡ ᠪᠠᠷ ᠬᠤᠪᠢᠷᠠᠭᠤᠯᠵᠤ᠂ ᠡᠶᠢᠮᠦᠷᠬᠦ ᠲᠡᠵᠢᠭᠡᠨ ᠦᠷᠡᠵᠢᠭᠦᠯᠬᠦ ᠵᠠᠭᠪᠤᠷ ᠢ ᠡᠷᠬᠢᠨ ᠲᠣᠭᠤᠷᠢᠨ ᠤ ᠭᠠᠵᠠᠷ ᠣᠷᠣᠨ ᠤ ᠮᠠᠯᠴᠢᠳ  ᠲᠤ ᠠᠭᠠᠵᠢᠮ ᠢᠶᠠᠷ ᠭᠥᠯᠢᠶᠡᠨ ᠠᠪᠤᠭᠤᠯᠬᠤ ᠶᠢᠨ ᠬᠠᠮᠲᠤ ᠬᠤᠷᠰᠢᠨ ᠲᠡᠵᠢᠭᠡᠨ ᠦᠷᠡᠵᠢᠭᠦᠯᠬᠦ ᠳᠤ ᠣᠷᠣᠯᠴᠠᠭᠰᠠᠨ ᠮᠠᠯᠴᠢᠳ ᠬᠠᠰᠢᠶᠠᠯᠠᠨ ᠲᠡᠵᠢᠭᠡᠵᠦ ᠦᠷᠡᠵᠢᠭᠦᠯᠬᠦ ᠠᠮᠵᠢᠯᠲᠠ ᠲᠠᠢ ᠮᠡᠷᠭᠡᠵᠢᠯ ᠢ ᠰᠤᠷᠴᠤ᠂ ᠪᠥᠬᠦ ᠰᠤᠮᠤ ᠳᠤ ᠬᠠᠰᠢᠶᠠᠯᠠᠨ ᠲᠡᠵᠢᠭᠡᠬᠦ ᠶᠢ ᠳᠡᠯᠭᠡᠷᠡᠭᠦᠯᠬᠦ ᠰᠠᠭᠤᠷᠢ ᠶᠢ ᠪᠠᠬᠢᠵᠢᠭᠦᠯᠦᠭᠰᠡᠨ ᠪᠥᠭᠡᠳ ᠮᠠᠯᠴᠢᠳ ᠢ ᠣᠶᠢᠷ᠎ᠠ ᠬᠠᠪᠢ ᠳᠤᠨᠢ ᠠᠵᠢᠯ ᠣᠯᠭᠤᠵᠤ᠂ ᠣᠷᠣᠯᠭ᠎ᠠ ᠶᠢ ᠨᠢ ᠨᠡᠮᠡᠭᠳᠡᠭᠦᠯᠦᠨ᠂ ᠪᠠᠶᠠᠵᠢᠬᠤ ᠠᠯᠬᠤᠴᠠ ᠶᠢ ᠨᠢ ᠲᠦᠷᠭᠡᠳᠬᠡᠭᠰᠡᠨ ᠪᠠᠶᠢᠨ᠎ᠠ᠃ ᠲᠣᠰ ᠲᠥᠷᠥᠯ ᠵᠦᠶᠯ ᠢ ᠣᠷᠣᠭᠤᠯᠤᠨ ᠠᠪᠴᠢᠷᠠᠬᠤ ᠪᠠ ᠳᠡᠯᠭᠡᠷᠡᠭᠦᠯᠬᠦ ᠨᠢ ︽ᠠᠵᠤ ᠠᠬᠤᠶ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ᠂ ᠠᠮᠢ ᠠᠬᠤᠶ ᠶᠢᠨ ᠦᠷ᠎ᠡ ᠠᠰᠢᠭ︾ ᠢ ᠬᠠᠮᠲᠤ ᠪᠠᠷ ᠣᠯᠬᠤ ᠶᠢ ᠪᠡᠶᠡᠯᠡᠭᠦᠯᠦᠨ᠎ᠡ᠃
 
ᠢᠷᠡᠯᠲᠡ᠄ ᠪᠠᠭᠠᠷᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05001926号-2