2020 ᠣᠨ ᠳᠤ᠂ ᠪᠠᠭᠠᠷᠢᠨ ᠪᠠᠷᠠᠭᠤᠨ ᠬᠤᠰᠢᠭᠤ《 ᠳᠥᠷᠪᠡ ᠶᠢ ᠲᠠᠶᠠᠭᠳᠠᠬᠤ ᠥᠬᠡᠶ ᠪᠠᠶᠢᠬᠤ | 》ᠶᠡᠷᠦᠩᠬᠡᠶ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠳᠠᠶᠢᠯᠠᠯᠳᠤᠭᠠᠨ ᠤ ᠵᠠᠭᠪᠤᠷ ᠢᠶᠠᠷ ᠪᠣᠭᠤᠮᠲᠠ ᠰᠢᠪᠲᠤᠯᠬᠤ | ᠠᠵᠢᠯᠯᠠᠭ᠎ᠠ ᠶᠢ ᠡᠬᠢᠯᠡᠭᠦᠯᠵᠦ᠂ ᠣᠨᠣᠪᠴᠢᠲᠠᠶ ᠪᠠᠷ ᠶᠠᠳᠠᠭᠤ ᠠᠴᠠ ᠠᠩᠭᠢᠵᠢᠷᠠᠭᠤᠯᠬᠤ《 ᠰᠡᠭᠦᠯ ᠬᠤᠷᠢᠶᠠᠬᠤ | ᠳᠠᠶᠢᠯᠠᠯᠳᠤᠭᠠᠨ 》 ᠢ ᠡᠷᠡᠰ ᠰᠠᠶᠢᠲᠤᠷ ᠬᠢᠵᠦ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠶᠠᠳᠠᠭᠤ | ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠮᠵᠢ ᠶᠢᠨ ᠬᠢᠨᠠᠨ ᠰᠢᠯᠭᠠᠯᠲᠠ᠂ ᠵᠡᠭᠦᠨ | ᠪᠠᠷᠠᠭᠤᠨ ᠣᠷᠣᠨ ᠤ ᠬᠠᠮᠵᠢᠯᠴᠠᠭᠠᠨ ᠤ ᠦᠷ᠎ᠡ ᠪᠦᠲᠦᠮᠵᠢ ᠶᠢᠨ ᠬᠢᠨᠠᠨ ᠰᠢᠯᠭᠠᠯᠲᠠ ᠶᠢ ᠤᠷᠤᠭᠰᠢᠲᠠᠶ ᠦᠩᠭᠡᠷᠡᠭᠦᠯᠦᠨ | ᠂ 5941 ᠡᠷᠦᠬᠡ ᠶᠢᠨ 13359 ᠬᠥᠮᠦᠨ ᠢ ᠪᠠᠬᠢᠵᠢᠭᠦᠯᠦᠨ ᠳᠡᠭᠡᠭᠰᠢᠯᠡᠭᠦᠯᠵᠦ᠂ ᠦᠯᠡᠳᠡᠭᠰᠡᠨ 34 ᠡᠷᠦᠬᠡ ᠶᠢᠨ | 85 ᠬᠥᠮᠦᠨ ᠢ ᠪᠦᠬᠦᠨ ᠢ ᠶᠠᠳᠠᠭᠤ ᠠᠴᠠ ᠠᠩᠭᠢᠵᠢᠷᠠᠭᠤᠯᠤᠨ᠂ ᠶᠠᠳᠠᠭᠤ ᠬᠦᠴᠢᠷᠳᠡᠯ ᠡᠭᠦᠰᠬᠦ ᠨᠣᠷᠮ᠎ᠠ ᠶᠢ | ᠪᠠᠭᠤᠷᠠᠭᠤᠯᠤᠭᠠᠳ ᠲᠡᠭ ᠪᠣᠯᠭᠠᠪᠠ᠃ | ᠨᠢᠭᠡ ᠳᠤ᠂《 ᠬᠤᠶᠠᠷ ᠲᠤ ᠵᠣᠪᠠᠭ᠋ᠤ ᠥᠬᠡᠶ᠂ ᠭᠤᠷᠪᠠ ᠶᠢ ᠪᠠᠲᠤᠯᠠᠬᠤ 》 ᠬᠢᠷᠢ ᠲᠦᠪᠰᠢᠨ ᠢ ᠤᠯᠠᠮ | ᠨᠢᠭᠡ ᠠᠯᠬᠤᠮ ᠳᠡᠭᠡᠭᠰᠢᠯᠡᠭᠦᠯᠪᠡ᠃ ᠡᠯ᠎ᠡ ᠵᠦᠢᠯ ᠤᠨ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ ᠲᠥᠷᠦ ᠶᠢᠨ | ᠪᠣᠳᠣᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠰᠤᠷᠤᠯᠭ᠎ᠠ ᠪᠠᠨ ᠳᠣᠷᠭᠤᠨ ᠵᠣᠭᠰᠣᠬᠤ ᠶᠢ ᠣᠨᠣᠪᠴᠢᠲᠠᠢ | ᠬᠢᠵᠠᠭᠠᠷᠯᠠᠬᠤ ᠪᠠᠷ ᠳᠠᠮᠵᠢᠨ᠂ ᠪᠦᠬᠦ ᠬᠤᠰᠢᠭᠤᠨ ᠤ ᠳᠠᠩᠰᠠᠯᠠᠵᠤ ᠺᠠᠷᠲᠯᠠᠭᠰᠠᠨ ᠰᠤᠷᠤᠭᠴᠢᠳ ᠤᠨ ᠰᠤᠷᠤᠯᠭ᠎ᠠ | ᠳᠣᠷᠭᠤᠨ ᠵᠣᠭᠰᠣᠬᠤ ᠰᠤᠷᠤᠯᠭ᠎ᠠ ᠠᠯᠳᠠᠬᠤ ᠪᠠᠶᠢᠳᠠᠯ ᠭᠠᠷᠭᠠᠭᠰᠠᠨ ᠦᠭᠡᠢ᠃ ᠡᠷᠡᠭᠦᠯ ᠮᠡᠨᠳᠦ ᠪᠠᠷ ᠶᠠᠳᠠᠭᠤ ᠶᠢ | ᠲᠡᠳᠬᠦᠬᠦ ᠡᠯ᠎ᠡ ᠵᠦᠶᠯ ᠤᠨ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠶᠠᠳᠠᠭᠤ ᠬᠦᠴᠢᠷᠳᠡᠯᠲᠡᠶ | ᠡᠷᠦᠬᠡ ᠶᠢᠨ ᠭᠡᠷᠡᠲᠦ ᠦᠶᠯᠡᠴᠢᠯᠡᠭᠡ᠂ ᠬᠦᠨᠳᠦ ᠡᠪᠡᠳᠴᠢᠨ ᠢ ᠲᠥᠪᠯᠡᠷᠡᠭᠦᠯᠦᠨ ᠡᠮᠨᠡᠨ ᠵᠠᠰᠠᠬᠤ ᠪᠠ ᠤᠳᠠᠭᠠᠨ | ᠴᠢᠨᠠᠷᠲᠠᠶ ᠡᠪᠡᠳᠴᠢᠨ ᠤ ᠦᠶᠯᠡᠴᠢᠯᠡᠭᠡᠨ ᠤ ᠬᠠᠮᠢᠶᠠᠷᠤᠯᠲᠠ ᠶᠢ ᠴᠠᠭ ᠲᠤᠬᠠᠶ ᠳᠤᠨᠢ ᠪᠣᠳᠠᠲᠠᠶᠢᠵᠢᠭᠤᠯᠬᠤ ᠶᠢ ᠦᠨᠡᠩᠬᠦ | ᠪᠠᠳᠤᠯᠠᠪᠠ᠃ 53 ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠵᠤ᠂ ᠶᠠᠳᠠᠭᠤ | ᠬᠦᠴᠢᠷᠲᠡᠢ ᠡᠷᠦᠬᠡ ᠶᠢᠨ ᠣᠷᠣᠨ ᠰᠠᠭᠤᠴᠠ ᠶᠢᠨ ᠠᠮᠤᠷ ᠲᠦᠪᠰᠢᠨ ᠢ ᠪᠦᠲᠦᠮᠵᠢᠲᠡᠢ ᠪᠠᠲᠤᠯᠠᠪᠠ᠃ 55 ᠰᠠᠭᠤᠷᠢ | ᠤᠤᠭᠤᠬᠤ ᠤᠰᠤᠨ ᠤ ᠠᠶᠤᠯᠭᠦᠢ ᠢᠨᠵᠧᠨᠧᠷᠢᠩ ᠢ ᠰᠡᠯᠪᠢᠨ ᠵᠠᠰᠠᠭᠰᠠᠨ ᠪᠠ ᠰᠢᠨ᠎ᠡ ᠪᠠᠷ ᠪᠠᠶᠢᠭᠤᠯᠪᠠ᠃ ᠬᠤᠶᠠᠷ ᠲᠤ | ᠂ ᠠᠵᠤ ᠦᠶᠯᠡᠰ ᠢᠶᠠᠷ ᠶᠠᠳᠠᠭᠤ ᠶᠢ ᠲᠡᠳᠬᠦᠬᠦ ᠡᠷᠴᠢᠮ ᠢ ᠦᠷᠭᠦᠯᠵᠢᠯᠡᠨ ᠴᠢᠩᠭᠠᠷᠠᠭᠤᠯᠪᠠ᠃ 1.49 ᠳ᠋ᠦᠩᠰᠢᠭᠤᠷ | ᠲᠥᠭᠦᠷᠢᠭ ᠤᠨ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠪᠡᠯᠡ ᠮᠥᠩᠭᠦ ᠶᠢ ᠨᠢᠭᠡᠳᠬᠡᠨ᠂ ᠬᠤᠸᠠ ᠰᠦᠩ | ᠲᠥᠮᠥᠰᠥ ᠶᠢ ᠶᠡᠷᠦᠩᠬᠡᠶᠢᠯᠡᠨ ᠡᠳ᠋ᠰᠢᠭᠦᠯᠬᠦ ᠬᠦᠷᠢᠶᠡᠯᠡᠩ ᠲᠣᠭᠤᠷᠢᠭ᠂ ᠲᠥᠬᠦᠭᠡᠷᠦᠮᠵᠢᠲᠦ ᠲᠠᠷᠢᠶᠠᠯᠠᠩ ᠤᠨ ᠶᠠᠳᠠᠭᠤ | ᠶᠢ ᠲᠡᠳᠬᠦᠬᠦ ᠠᠵᠤ ᠦᠢᠯᠡᠰ ᠤᠨ ᠬᠦᠷᠢᠶᠡᠯᠡᠩ᠂ ᠵᠢᠵᠢᠭ ᠬᠡᠯᠪᠡᠷᠢ ᠶᠢᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ | ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ 11 ᠲᠥᠷᠦᠯ ᠵᠦᠢᠯ ᠢ ᠬᠡᠷᠡᠭᠵᠢᠭᠦᠯᠵᠦ᠂ ᠠᠵᠤ | ᠦᠢᠯᠡᠰ ᠤᠨ ᠳᠠᠶᠢᠴᠢᠯᠠᠬᠤ ᠴᠢᠳᠠᠪᠤᠷᠢ ᠢᠯᠡᠳᠲᠡ ᠳᠡᠭᠡᠭᠰᠢᠯᠡᠪᠡ᠃ ᠶᠠᠳᠠᠭᠤ ᠬᠦᠴᠢᠷᠳᠡᠯᠲᠡᠶ ᠡᠷᠦᠬᠡ ᠶᠢᠨ ᠠᠵᠤ | ᠦᠶᠯᠡᠰ ᠤᠨ ᠬᠥᠭᠵᠢᠯᠲᠡ ᠶᠢᠨ ᠵᠢᠭᠠᠨ ᠵᠢᠯᠣᠭᠤᠳᠣᠭᠴᠢ 380 ᠨᠡᠷᠡᠰ ᠰᠢᠯᠢᠳᠡᠭ ᠢ ᠨᠢ ᠰᠣᠩᠭᠤᠨ ᠤᠷᠢᠵᠤ᠂ | 111 ᠨᠡᠷᠡᠰ ᠲᠤᠰᠬᠠᠶ ᠮᠡᠷᠭᠡᠵᠢᠯ ᠤᠨ ᠠᠵᠢᠯᠲᠠᠨ ᠢ ᠰᠣᠩᠭᠤᠨ ᠤᠷᠢᠵᠤ ᠲᠤᠰᠬᠠᠶ ᠮᠡᠷᠭᠡᠵᠢᠯᠲᠡᠨ ᠤ ᠳᠤᠭᠤᠶᠢᠯᠠᠩ | ᠪᠥᠷᠢᠯᠳᠦᠭᠦᠯᠦᠨ᠂《 ᠲᠣᠪᠶᠤᠭ ᠤᠨ ᠬᠡᠯᠪᠡᠷᠢ 》 ᠶᠢᠨ ᠦᠶᠯᠡᠴᠢᠯᠡᠭᠡ ᠵᠢᠯᠣᠭᠤᠳᠣᠯᠭ᠎ᠠ ᠶᠢ ᠦᠷᠨᠢᠭᠦᠯᠪᠡ᠃ | ᠭᠤᠷᠪᠠ ᠳᠤ᠂ ᠵᠡᠭᠦᠨ ᠪᠠᠷᠠᠭᠤᠨ ᠣᠷᠣᠨ ᠤ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢ ᠶᠡᠬᠡᠪᠡᠷ ᠠᠬᠢᠭᠤᠯᠪᠠ᠃ | ᠤᠯᠤᠰ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ | ᠶᠢᠨ ᠪᠠᠯᠠ ᠮᠥᠩᠭᠦ ᠶᠢ 1526 .78 ᠲᠦᠮᠡᠨ ᠲᠥᠭᠦᠷᠢᠭ ᠵᠣᠬᠢᠴᠠᠭᠤᠯᠤᠨ ᠨᠠᠶᠢᠳᠠᠪᠤᠷᠢᠵᠢᠭᠤᠯᠵᠤ᠂ 40 ᠭᠠᠷᠤᠶ | ᠬᠠᠪᠰᠤᠷᠤᠨ ᠲᠡᠳᠬᠦᠬᠦ ᠵᠦᠶᠯᠡᠰ ᠢ ᠬᠡᠷᠡᠭᠵᠢᠭᠦᠯᠪᠡ᠃ 4861.12 ᠲᠦᠮᠡᠨ ᠲᠥᠭᠦᠷᠢᠭ ᠤᠨ ᠪᠠᠯᠠ ᠣᠷᠣᠭᠤᠯᠵᠤ᠂ | ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭᠠᠨ ᠤ ᠲᠥᠷᠥᠯ ᠵᠦᠶᠯ 25 ᠶᠢ ᠬᠡᠷᠡᠭᠵᠢᠭᠦᠯᠪᠡ᠃ | ᠪᠠᠭᠠᠷᠢᠨ ᠬᠤᠨᠢᠨ ᠮᠢᠬ᠎ᠠ᠂ ᠡᠯᠳᠡᠪ ᠠᠮᠤ ᠵᠡᠷᠭᠡ ᠲᠠᠷᠢᠶᠠᠯᠠᠩ ᠤᠨ ᠪᠦᠲᠦᠭᠡᠭᠳᠡᠬᠦᠨ ᠢ ᠪᠡᠭᠡᠵᠢᠩ ᠳᠤ ᠣᠷᠣᠭᠤᠯᠤᠨ | ᠪᠣᠷᠣᠯᠠᠭᠤᠯᠵᠤ᠂ 4317 ᠶᠠᠳᠠᠭᠤ ᠬᠦᠴᠢᠷᠳᠡᠯᠲᠡᠢ ᠡᠷᠦᠬᠡ ᠶᠢ ᠳᠠᠶᠢᠴᠢᠯᠠᠪᠠ᠃ ᠳᠥᠷᠪᠡ ᠳᠤ᠂ ᠶᠡᠷᠦᠩᠬᠡᠶᠢᠯᠡᠭᠰᠡᠨ | ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠪᠠ᠃ ᠨᠡᠶᠢᠭᠡᠮ ᠤᠨ ᠦᠨᠳᠦᠰᠦᠨ | ᠵᠦᠶᠯ ᠢ ᠪᠠᠲᠤᠯᠠᠬᠤ ᠪᠠᠲᠤᠯᠠᠭ᠎ᠠ ᠶᠢ ᠪᠠᠬᠢᠵᠢᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ | ᠡᠯ᠎ᠡ ᠵᠦᠶᠯ ᠤᠨ ᠪᠠᠲᠤᠯᠠᠭ᠎ᠠ ᠶᠢᠨ ᠦᠨᠳᠦᠰᠦᠨ ᠵᠦᠶᠯ ᠢ ᠪᠠᠲᠤᠯᠠᠬᠤ ᠪᠠᠯᠠ ᠮᠥᠩᠭᠦ ᠶᠢ 2798 .3 ᠲᠦᠮᠡᠨ | ᠲᠥᠭᠦᠷᠢᠭ ᠲᠠᠷᠬᠠᠭᠠᠪᠠ᠃ 2426 ᠡᠷᠦᠬᠡ ᠶᠢᠨ 1.07 ᠳ᠋ᠦᠩᠰᠢᠭᠤᠷ ᠲᠥᠭᠦᠷᠢᠭ ᠤᠨ ᠶᠠᠳᠠᠭᠤ ᠶᠢ ᠲᠡᠳᠬᠦᠬᠦ | ᠪᠠᠭ᠎ᠠ ᠲᠣᠭᠠᠨ ᠤ ᠵᠢᠭᠡᠯᠡᠯᠭᠡ ᠲᠠᠯᠪᠢᠪᠠ᠃ ᠪᠥᠬᠦ ᠬᠤᠰᠢᠭᠤᠨ ᠤ ᠠᠵᠢᠯ ᠤᠨ ᠪᠠᠶᠢᠷᠢᠨ ᠳᠤ ᠪᠠᠶᠢᠭ᠎ᠠ ᠨᠡᠶᠢᠲᠡ ᠶᠢᠨ | ᠠᠰᠠᠷᠠᠮᠵᠢ ᠶᠢᠨ ᠴᠢᠨᠠᠷᠲᠠᠶ ᠶᠠᠳᠠᠭᠤ ᠬᠦᠴᠢᠷᠳᠡᠯᠲᠡᠶ 956 ᠬᠥᠮᠦᠨ ᠪᠤᠢ᠃《 ᠤᠷᠢᠬᠠᠨ ᠰᠠᠯᠬᠢ ᠠᠵᠢᠯᠯᠠᠭ᠎ᠠ | 》 ᠪᠠᠷ ᠠᠵᠢᠯ ᠤᠨ ᠪᠠᠶᠢᠷᠢ ᠬᠦᠷᠭᠡᠵᠦ᠂ ᠨᠡᠶᠢᠲᠡ 56 ᠠᠵᠤ ᠠᠬᠤᠶᠢᠯᠠᠯ᠂ 1603 ᠠᠵᠢᠯᠲᠠᠨ ᠬᠡᠷᠡᠭᠯᠡᠬᠦ ᠠᠵᠢᠯ | ᠤᠨ ᠪᠠᠶᠢᠷᠢ ᠴᠤᠭᠯᠠᠭᠤᠯᠪᠠ᠃ ᠪᠥᠬᠦ ᠬᠤᠰᠢᠭᠤᠨ ᠤ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ 2615 | ᠬᠥᠮᠦᠨ ᠭᠠᠳᠠᠭᠰᠢ ᠭᠠᠷᠴᠤ ᠬᠥᠯᠥᠰᠥᠨ ᠠᠵᠢᠯ ᠬᠢᠪᠠ᠃ ᠶᠠᠳᠠᠭᠤ ᠬᠦᠴᠢᠷᠳᠡᠯ ᠤᠨ ᠵᠠᠭᠠᠭ ᠤᠨ ᠠᠮᠠᠷᠬᠠᠨ | ᠶᠠᠳᠠᠭᠤᠷᠠᠬᠤ ᠬᠥᠮᠦᠨ ᠠᠮᠠ ᠪᠣᠯᠤᠨ ᠶᠠᠳᠠᠭᠤ ᠠᠴᠠ ᠠᠩᠭᠢᠵᠢᠷᠠᠭᠰᠠᠨ ᠲᠣᠭᠲᠠᠭᠤᠨ ᠪᠤᠰᠤ ᠬᠥᠮᠦᠨ ᠠᠮᠠ ᠶᠢ ᠬᠢᠨᠠᠨ | ᠬᠡᠮᠵᠢᠵᠦ ᠬᠠᠪᠰᠤᠷᠤᠨ ᠲᠡᠳᠬᠦᠬᠦ ᠠᠵᠢᠯ ᠢ ᠭᠦᠨᠵᠡᠭᠡᠶ ᠠᠬᠢᠭᠤᠯᠵᠤ᠂ ᠶᠠᠳᠠᠭᠤᠷᠠᠬᠤ ᠠᠶᠤᠯ ᠲᠦᠭᠰᠢᠭᠦᠷᠢ ᠶᠢ ᠪᠦᠬᠦᠨ | ᠢ ᠠᠷᠢᠯᠭᠠᠪᠠ᠃ ᠲᠠᠪᠤ ᠳᠤ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠬᠠᠮᠢᠶᠠᠷᠤᠯᠲᠠ ᠶᠢ ᠴᠢᠩᠭᠠᠳᠬᠠᠪᠠ᠃ | ᠶᠠᠳᠠᠭᠤ ᠶᠢ ᠲᠡᠳᠬᠦᠬᠦ ᠡᠳ᠋ ᠬᠥᠷᠥᠩᠭᠡ ᠳᠤ ᠡᠳ᠋ ᠬᠥᠷᠥᠩᠭᠡ ᠶᠢ ᠨᠢ ᠪᠦᠷᠢᠳᠬᠡᠨ ᠬᠠᠷᠭᠤᠭᠤᠯᠵᠤ᠂ ᠶᠠᠳᠠᠭᠤ ᠶᠢ | ᠲᠡᠳᠬᠦᠬᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠡᠬᠡ ᠲᠠᠩᠰᠠ ᠶᠢ ᠪᠠᠶᠢᠭᠤᠯᠪᠠ᠃ ᠵᠢᠷᠭᠤᠭ᠎ᠠ ᠳᠤ᠂ ᠶᠠᠳᠠᠭᠤ ᠶᠢ | ᠲᠡᠳᠬᠦᠬᠦ ᠲᠠᠩᠰᠠ ᠡᠪᠬᠡᠮᠡᠯ ᠤᠨ ᠬᠠᠮᠢᠶᠠᠷᠤᠯᠲᠠ ᠶᠢ ᠴᠢᠩᠲᠡᠯᠡᠪᠡ᠃ 2019 ᠣᠨ ᠵᠢᠴᠢ ᠲᠡᠭᠦᠨ ᠠᠴᠠ ᠡᠮᠦᠨᠡᠬᠢ | ᠣᠨ ᠤ ᠣᠨᠣᠪᠴᠢᠲᠠᠶ ᠪᠠᠷ ᠶᠠᠳᠠᠭᠤ ᠶᠢ ᠲᠡᠳᠬᠦᠬᠦ ᠲᠠᠩᠰᠠ ᠡᠪᠬᠡᠮᠡᠯ ᠢ ᠲᠥᠷᠥᠯ ᠬᠤᠪᠢᠶᠠᠨ ᠲᠠᠩᠰᠠ ᠡᠪᠬᠡᠮᠡᠯ ᠳᠤ | ᠣᠷᠣᠭᠤᠯᠬᠤ ᠠᠵᠢᠯ ᠢ ᠪᠡᠶᠡᠯᠡᠭᠦᠯᠪᠡ᠃ | | | | | | | | |