2020 ᠣᠨ ᠤ ᠰᠡᠬᠦᠯ ᠰᠠᠷ᠎ᠠ ᠶᠢᠨ ᠰᠡᠬᠦᠯᠴᠢ ᠶᠢᠨ ᠡᠳᠦᠷ ᠢᠶᠠᠷ᠂ ᠠᠷᠣ ᠭᠠᠵᠠᠷ ᠤᠨ ᠬᠦᠳᠡᠭᠡ ᠨᠣᠳᠤᠭ | ᠬᠦᠬᠡ ᠲᠡᠭᠷᠢ ᠶᠢᠨ ᠡᠬᠦᠯᠨ ᠨᠢ ᠬᠦᠷᠳᠡᠯ᠎ᠡ ᠴᠠᠷᠴᠠᠵᠣ᠂ ᠬᠦᠷᠦᠰᠦᠳᠣ ᠲᠡᠯᠡᠭᠡᠢ ᠮᠦᠰᠦᠨ ᠬᠤᠶᠠᠭ ᠭᠡᠳᠦᠷᠴᠣ᠂ | ᠬᠦᠮᠦᠨ ᠠᠷᠠᠳ ᠢ ᠬᠦᠯᠳᠡᠬᠦᠦ ᠬᠦᠮᠦᠷᠭᠡ ᠳᠡᠭᠡᠨ ᠬᠤᠷᠢᠭᠠᠳ ᠬᠠᠴᠠᠷ ᠨᠢᠭᠤᠷ ᠢ ᠵᠡᠬᠦᠦ ᠪᠠᠷ ᠰᠢᠪᠡᠬᠦ ᠮᠡᠳᠣ | ᠵᠢᠮᠵᠢᠩᠨᠡᠭᠦᠯᠦᠨ ᠲᠠᠭᠠᠷᠠᠭᠤᠯᠣᠨᠠ᠃ ᠭᠡᠳᠡᠯ᠎ᠡ ᠣᠯᠠᠭᠠᠨᠬᠠᠳᠠ ᠬᠤᠳᠡ ᠶᠢᠨ ᠪᠠᠭᠠᠷᠢᠨ ᠪᠠᠷᠠᠭᠤᠨ ᠬᠤᠰᠢᠭᠤᠨ ᠤ | ᠠᠷᠠᠳ ᠤᠨ ᠶᠠᠪᠣᠳᠠᠯ ᠤᠨ ᠲᠣᠪᠴᠢᠶ᠎ᠠ ᠶᠢᠨ ᠠᠯᠪᠠᠨ ᠠᠰᠠᠷ ᠲᠤ ᠬᠠᠪᠣᠷ ᠤᠨ ᠣᠷᠢᠨ ᠰᠠᠭᠠᠳᠠᠭᠰᠠᠨ ᠮᠡᠳᠣ ᠬᠠᠯᠠᠭᠤᠨ | ᠲᠣᠯᠠᠭᠠᠨ ᠠᠮᠢᠰᠬᠤᠯ ᠢᠶᠠᠷ ᠪᠢᠯᠬᠠᠵᠣ᠂ ᠵᠡᠮᠳᠡᠭ ᠪᠣᠯᠣᠭᠰᠠᠨ ᠮᠠᠯᠴᠢᠨ ᠲᠠᠷᠢᠶᠠᠴᠢᠨ ᠬᠤᠳᠡ ᠶᠢᠨ ᠢᠷᠭᠡᠨ ᠤ | ᠠᠮᠢᠳᠣᠷᠡᠯ ᠤᠨ ᠨᠦᠬᠦᠪᠦᠷᠢ ᠶᠢ ᠨᠠᠶᠢᠳᠠᠪᠦᠵᠢᠭᠤᠯᠬᠤ ᠠᠵᠢᠯ ᠤᠨ ᠰᠠᠭᠤᠳᠠᠯ ᠤᠨ ᠬᠤᠷᠡᠯ ᠬᠦᠷ ᠪᠠᠶᠠᠷ ᠲᠠᠢ | ᠬᠦᠭᠵᠢᠶᠡᠨ ᠨᠡᠷᠬᠢᠶᠠᠨ ᠲᠠᠢ ᠶᠠᠪᠣᠭᠳᠠᠨ᠎ᠠ᠃ | ᠦᠢᠷ᠎ᠡ ᠶᠢᠨ ᠵᠢᠯ ᠳᠤ᠂ ᠪᠠᠭᠠᠷᠢᠨ ᠪᠠᠷᠠᠭᠤᠨ ᠬᠤᠰᠢᠭᠤ ᠨᠢ ᠬᠦᠴᠢᠷᠳᠡᠯᠳᠠᠢ ᠣᠯᠠᠨ ᠲᠦᠮᠡᠨ ᠤ ᠠᠮᠢᠳᠣᠷᠡᠯ | ᠤᠨ ᠨᠦᠬᠦᠪᠦᠷᠢ ᠶᠢ ᠲᠦᠷᠦ ᠶᠢᠨ ᠪᠣᠳᠣᠯᠭ᠎ᠠ ᠶᠢ ᠨᠠᠶᠢᠳᠠᠪᠦᠷᠢᠵᠢᠭᠤᠯᠬᠤ ᠠᠵᠢᠯ ᠢ ᠴᠢᠬᠤᠯᠠᠴᠢᠯᠠᠨ ᠠᠳᠬᠤᠵᠣ ᠡᠯ᠎ᠡ | ᠲᠦᠷᠦᠯ ᠤᠨ ᠨᠦᠬᠦᠪᠦᠷᠢ ᠮᠦᠩᠭᠦ ᠶᠢ ᠲᠤᠭ᠎ᠠ ᠶᠣᠰᠣᠭᠠᠷ ᠴᠠᠭ ᠲᠣᠬᠠᠢ ᠳᠤᠨᠢ ᠲᠠᠷᠬᠠᠭᠠᠬᠤ ᠵᠢᠯ ᠢ ᠴᠢᠩᠭ᠎ᠠ | ᠠᠳᠬᠤᠵᠣ᠂ ᠨᠢᠭᠡ ᠪᠦᠯᠦᠭ ᠲᠡᠣᠭᠡ ᠶᠢᠨ ᠦᠯᠡᠳᠡᠭᠳᠡᠯ ᠠᠰᠠᠭᠤᠳᠠᠯ ᠢ ᠭᠠᠷᠳᠠᠨ ᠰᠢᠢᠳᠪᠦᠷᠢᠯᠡᠭᠡᠳ ᠲᠡᠣᠬᠡ ᠶᠢᠨ | ᠣᠨᠴᠣᠭᠤᠢ ᠴᠠᠭ ᠦᠶ᠎ᠡ ᠳᠤ ᠬᠦᠴᠦ ᠪᠠᠷ ᠲᠡᠮᠡᠴᠡᠭᠳᠡᠨ ᠬᠠᠯᠨ ᠲᠠᠮᠣ ᠦᠵᠡᠵᠣ ᠵᠡᠮᠳᠡᠭ ᠪᠣᠯᠣᠭᠰᠠᠨ ᠮᠠᠯᠴᠢᠨ᠂ | ᠲᠠᠷᠢᠶᠠᠴᠢᠨ᠂ ᠬᠤᠳᠡ ᠶᠢᠨ ᠢᠷᠭᠡᠨ ︽ᠭᠤᠷᠪᠠᠨ ᠠᠷᠠᠳ︾ ᠤᠨ ᠮᠠᠭᠳᠠᠭᠠᠯ ᠰᠠᠶᠢᠰᠢᠶᠠᠯ ᠢ ᠣᠯᠵᠣ ᠪᠠᠶᠢᠨ᠎ᠠ᠃ | ᠪᠦᠬᠦ ᠬᠤᠰᠢᠭᠤᠨ ᠳᠤ᠂ ᠣᠳᠣᠬᠠᠨ᠎ᠠ ︽ᠭᠤᠷᠪᠠᠨ ᠠᠷᠠᠳ︾ ᠤᠨ ᠲᠣᠭᠳᠠᠮᠠᠯ ᠨᠦᠬᠦᠪᠦᠷᠢ ᠶᠢ ᠬᠦᠷᠳᠡᠵᠣ | ᠪᠠᠶᠢᠭ᠎ᠠ 116 ᠬᠦᠮᠦᠨ ᠪᠠᠶᠢᠵᠣ᠂ ᠠᠮᠢᠳᠣᠷᠡᠯ ᠤᠨ ᠨᠦᠬᠦᠪᠦᠷᠢ ᠶᠢᠨ ᠪᠠᠷᠢᠮᠵᠢᠶ᠎ᠠ ᠨᠢ ᠰᠠᠷ᠎ᠠ ᠪᠦᠷᠢ1186 | ᠲᠦᠭᠦᠷᠢᠭ ᠲᠤ ᠬᠦᠷᠦᠭᠰᠡᠨ ᠶᠣᠮ᠃ ᠭᠡᠪᠡᠴᠣ ᠲᠡᠣᠭᠡ ᠶᠢᠨ ᠰᠢᠯᠳᠠᠭᠠᠨ ᠠᠴᠠ ᠪᠣᠯᠵᠣ᠂ 2001 ᠣᠨ ᠠᠴᠠ | 2010 ᠣᠨ ᠤ ᠠᠷᠪᠠᠨ ᠵᠢᠯ ᠤᠨ ᠬᠤᠭᠤᠴᠠᠭᠠᠨ ᠳᠠᠬᠢ ︽ᠭᠤᠷᠪᠠᠨ ᠠᠷᠠᠳ︾ ᠤᠨ ᠠᠮᠢᠳᠣᠷᠡᠯ ᠤᠨ ᠨᠦᠬᠦᠪᠦᠷᠢ | ᠶᠢᠨ ᠪᠠᠷᠢᠮᠵᠢᠶ᠎ᠠ ᠶᠢ ᠲᠡᠭᠡᠭᠰᠢᠯᠡᠭᠦᠯᠦᠭᠰᠡᠨ ᠭᠡᠰᠡᠭ ᠢ ᠨᠡᠮᠡᠵᠣ ᠣᠯᠭᠤᠭᠠᠳᠣᠢ ᠪᠠᠶᠢᠭᠰᠠᠭᠠᠷ ᠪᠠᠶᠢᠭᠰᠠᠨ ᠶᠣᠮ᠃ ᠬᠤᠶᠠᠷ | ᠵᠢᠯ ᠤᠨ ᠡᠮᠣᠨ᠎ᠡ᠂ ᠡᠨᠡᠬᠦ ᠪᠠᠶᠢᠳᠠᠯ ᠢ ᠮᠡᠳᠡᠵᠣ ᠦᠢᠯᠠᠭᠠᠭᠰᠠᠨ ᠤ ᠲᠠᠷᠠᠭ᠎ᠠ᠂ ᠬᠤᠰᠢᠭᠤᠨ ᠤ ᠠᠷᠠᠳ ᠤᠨ ᠶᠠᠪᠣᠳᠠᠯ | ᠤᠨ ᠲᠣᠪᠴᠢᠶ᠎ᠠ ᠶᠢᠨ ᠭᠤᠣᠯ ᠣᠳᠣᠷᠢᠳᠣᠯᠭ᠎ᠠ ᠪᠡᠶᠡᠳᠡᠨ ︽ᠭᠤᠷᠪᠠᠨ ᠠᠷᠠᠳ︾ ᠤᠨ ᠲᠣᠮᠳᠡ ᠬᠦᠨᠵᠡᠭᠡᠶᠢᠷᠡᠵᠣ᠂ | ᠬᠠᠮᠢᠶ᠎ᠠ ᠪᠦᠬᠦᠢ ᠪᠠᠶᠢᠭᠤᠯᠤᠭ᠎ᠠ ᠨᠢᠭᠡᠴᠨ ᠲᠠᠢ ᠬᠠᠮᠵᠢᠯᠴᠠᠨ ᠬᠠᠷᠭᠤᠭᠤᠯᠣᠨ ᠲᠣᠳᠣᠯᠠᠭᠠᠳ᠂ ᠬᠤᠰᠢᠭᠤᠨ ᠤ ᠠᠷᠠᠳ | ᠤᠨ ᠵᠠᠰᠠᠭ ᠤᠨ ᠣᠷᠳᠣᠨ ᠨᠢ ᠪᠠᠶᠢᠩᠭᠤ ᠶᠢᠨ ᠬᠤᠷᠢᠶ᠎ᠠ ᠶᠢᠨ ᠲᠣᠰᠬᠠᠢ ᠬᠤᠷᠡᠯ ᠢᠶᠠᠷ ᠲᠣᠰ ᠠᠷᠪᠠᠨ ᠵᠢᠯ ᠤᠨ | ᠨᠦᠬᠦᠪᠦᠷᠢ ᠶᠢᠨ ᠪᠠᠷᠢᠮᠵᠢᠶ᠎ᠠ ᠶᠢ ᠲᠡᠭᠡᠭᠰᠢᠯᠡᠭᠦᠯᠦᠭᠰᠡᠨ ᠭᠡᠰᠡᠭ ᠢ 2020 ᠣᠨ ᠤ ᠬᠤᠰᠢᠭᠤᠨ ᠤ ᠡᠳ᠋ ᠤᠨ ᠵᠠᠰᠠᠭ | ᠤᠨ ᠲᠦᠰᠦᠪ ᠲᠤ ᠪᠠᠳᠣᠯᠠᠨ ᠣᠷᠣᠭᠤᠯᠵᠣ᠂ ᠨᠦᠬᠦᠵᠣ ᠭᠠᠷᠳᠠᠭᠤᠯᠬᠤ ᠬᠠᠮᠢᠶᠠᠳᠠᠢ ᠠᠵᠢᠯ ᠤᠳ ᠢ ᠱᠠᠯᠠᠪᠳᠠᠨ | ᠬᠢᠭᠡᠳ᠂ ᠲᠡᠭᠡᠷ᠎ᠡ ᠵᠢᠯ ᠤᠨ ᠲᠣᠮᠳᠠᠴᠢ ᠪᠠᠷ ᠡᠷᠡᠭᠦᠯ ᠡᠰᠡᠨ ᠪᠣᠢ 123 ᠬᠦᠮᠦᠨ ᠳᠤ ︽ᠭᠤᠷᠪᠠᠨ ᠠᠷᠠᠳ︾ ᠤᠨ | ᠠᠮᠢᠳᠣᠷᠡᠯ ᠤᠨ ᠨᠦᠬᠦᠪᠦᠷᠢ ᠶᠢ ᠨᠡᠶᠢᠳᠡ128 ᠲᠦᠮᠡᠨ ᠲᠦᠭᠦᠷᠢᠭ ᠭᠠᠷᠳᠠᠭᠤᠯᠵᠠᠢ᠃ ᠪᠠᠰᠨ ᠭᠡᠰᠡᠭ ᠪᠦᠯᠦᠭ | ᠬᠠᠷᠠᠭᠠᠯᠵᠠᠯ ᠬᠦᠷᠳᠡᠭᠰᠡᠳ ᠲᠦᠷᠦᠬᠦᠦ ᠭᠡᠳᠣᠨ ᠵᠢᠯ ᠤᠨ ᠡᠮᠣᠨ᠎ᠡ ᠵᠠᠯᠭᠠᠪᠠᠷ ᠪᠡᠶ᠎ᠡ ᠪᠠᠷᠠᠭᠰᠠᠨ ᠲᠣᠯᠨ ᠠᠮᠢᠳᠣᠷᠡᠯ ᠤᠨ | ᠨᠦᠬᠦᠪᠦᠷᠢ ᠶᠢᠨ ᠪᠠᠷᠢᠮᠵᠢᠶ᠎ᠠ ᠶᠢ ᠲᠡᠭᠡᠭᠰᠢᠯᠡᠭᠦᠯᠦᠭᠰᠡᠨ ᠭᠡᠰᠡᠭ ᠢ ᠨᠡᠮᠡᠵᠣ ᠣᠯᠭᠤᠬᠤ ᠠᠵᠢᠯ ᠳᠤ ᠮᠠᠰᠢ ᠶᠡᠭᠡ ᠲᠦᠪᠡᠭ | ᠬᠦᠴᠢᠷ ᠲᠣᠯᠭᠠᠷᠠᠭᠰᠠᠨ ᠳᠤ᠂ ᠲᠣᠰ ᠬᠤᠰᠢᠭᠤᠨ ᠤ ᠬᠤᠰᠢᠭᠤᠨ ᠤ ᠠᠷᠠᠳ ᠤᠨ ᠶᠠᠪᠣᠳᠠᠯ ᠤᠨ ᠲᠣᠪᠴᠢᠶ᠎ᠠ ᠨᠢ | ᠡᠯ᠎ᠡ ᠰᠣᠮᠣ ᠪᠠᠯᠭᠠᠰᠣ ᠵᠡᠭᠡᠯᠢ ᠭᠤᠳᠣᠮᠵᠢ ᠶᠢᠨ ᠭᠡᠷᠡᠭ ᠡᠷᠬᠢᠯᠡᠭᠦ ᠭᠠᠵᠠᠷ ᠲᠤ ᠮᠡᠳᠡᠭᠳᠡᠯ ᠪᠢᠴᠢᠭ ᠪᠠᠭᠤᠯᠭᠠᠭᠰᠠᠨ ᠤ | ᠬᠠᠮᠳᠣ᠂ ᠬᠤᠰᠢᠭᠤᠨ ᠤ ᠪᠠᠨ ᠷᠠᠳᠢᠣ᠋᠂ ᠸᠢᠴᠠᠲ ᠨᠡᠶᠢᠳᠡ ᠶᠢᠨ ᠲᠠᠪᠴᠠᠩ ᠪᠣᠯᠣᠨ ᠰᠣᠨᠢᠨ ᠰᠦᠯᠵᠢᠶ᠎ᠡ ᠳᠤ ᠠᠯᠪᠠᠨ | ᠵᠠᠷ ᠲᠠᠯᠪᠢᠨ ᠦᠪ ᠵᠠᠯᠭᠠᠮᠵᠢᠯᠠᠭᠴᠢ ᠶᠢ ᠡᠷᠢᠨ ᠬᠠᠷᠢᠯᠴᠠᠵᠣ᠂ ᠠᠯᠢ ᠪᠣᠯᠬᠤᠶᠢᠴᠨ ᠲᠦᠷᠭᠡᠨ ᠣᠨᠣᠪᠴᠢᠳᠠᠢ ᠪᠠᠷ | ᠠᠮᠢᠳᠣᠷᠡᠯ ᠤᠨ ᠨᠦᠬᠦᠪᠦᠷᠢ ᠶᠢᠨ ᠪᠠᠷᠢᠮᠵᠢᠶ᠎ᠠ ᠶᠢ ᠲᠡᠭᠡᠭᠰᠢᠯᠡᠭᠦᠯᠦᠭᠰᠡᠨ ᠭᠡᠰᠡᠭ ᠢ ᠨᠡᠮᠡᠵᠣ ᠣᠯᠭᠤᠬᠤ ᠪᠠᠷ ᠴᠢᠷᠮᠠᠶᠢᠵᠣ᠂ | 159 ᠤ ᠣᠯᠪᠠᠯ ᠵᠣᠬᠢᠬᠤ118.5 ᠲᠦᠮᠡᠨ ᠲᠦᠭᠦᠷᠢᠭ ᠢ ᠣᠷᠣᠨ ᠪᠠᠶᠢᠷᠢ ᠳᠤᠨᠢ ᠬᠦᠷᠭᠡᠵᠣ | ᠨᠠᠶᠢᠳᠠᠪᠦᠷᠢᠵᠢᠭᠤᠯᠣᠭᠰᠠᠨ ᠪᠦᠭᠡᠳ ᠨᠢᠭᠡᠨᠳᠡ ᠪᠡᠶ᠎ᠡ ᠪᠠᠷᠠᠭᠰᠠᠨ ᠪᠠᠰᠨ ᠨᠢᠭᠡ ᠪᠦᠯᠦᠭ ᠬᠦᠮᠦᠨ ᠤ ᠪᠠᠷᠢᠮᠵᠢᠶ᠎ᠠ ᠶᠢ | ᠲᠡᠭᠡᠭᠰᠢᠯᠡᠭᠦᠯᠦᠭᠰᠡᠨ ᠤ ᠲᠠᠷᠠᠭᠠᠬᠢ ᠦᠰᠭᠡᠭᠰᠡᠨ ᠨᠦᠬᠦᠪᠦᠷᠢ ᠶᠢ ᠦᠷ᠎ᠡ ᠭᠡᠣᠭᠡᠳ ᠲᠦᠷᠦᠯ ᠰᠠᠳᠣᠨ ᠳᠤᠨᠢ ᠨᠡᠮᠡᠵᠣ | ᠣᠯᠭᠤᠬᠤ ᠪᠠᠷ ᠦᠷᠭᠦᠯᠵᠢᠯᠡᠨ ᠬᠠᠷᠭᠤᠭᠤᠯᠣᠨ ᠲᠣᠳᠣᠯᠠᠬᠠᠣ ᠠᠵᠢᠯ ᠢ ᠬᠢᠵᠣ᠂ 2021 ᠣᠨ ᠤ ᠡᠳ᠋ ᠤᠨ ᠵᠠᠰᠠᠭ | ᠤᠨ ᠲᠦᠰᠦᠪ ᠲᠤ ᠣᠷᠣᠭᠤᠯᠣᠨ ᠲᠦᠯᠪᠦᠷᠢᠳᠠᠢ ᠰᠢᠢᠳᠪᠦᠷᠢᠯᠡᠨ ᠲᠣᠣᠱᠳᠠᠢ ᠨᠠᠶᠢᠳᠠᠪᠦᠷᠢᠵᠢᠭᠤᠯᠬᠤ ᠪᠠᠷ ᠴᠢᠷᠮᠠᠶᠢᠵᠣ | ᠪᠣᠢ᠃ | ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠶᠠᠪᠣᠳᠠᠯ ᠤᠨ ᠲᠣᠪᠴᠢᠶ᠎ᠠ ᠠᠴᠠ ᠡᠷᠬᠢᠯᠡᠭᠰᠡᠨ ᠡᠨᠡ | ᠣᠳᠠᠭᠠᠨ ᠤ ᠣᠨᠴᠣᠭᠤᠢ ᠰᠠᠭᠤᠳᠠᠯ ᠤᠨ ᠬᠤᠷᠡᠯ ᠳᠤ ᠨᠠᠶᠠ ᠭᠠᠷᠣᠭᠰᠠᠨ ᠦᠨᠳᠦᠷ ᠨᠠᠰᠣᠳᠠᠢ ︽ᠭᠤᠷᠪᠠᠨ ᠠᠷᠠᠳ︾ | ᠤᠨ ᠲᠦᠯᠦᠭᠡᠯᠡᠭᠴᠢ ᠨᠠᠷ᠂ ᠲᠣᠬᠠᠢ ᠶᠢᠨ ᠵᠢᠯ ᠳᠤ ᠲᠦᠷᠦ ᠶᠢᠨ ᠪᠣᠳᠣᠯᠭ᠎ᠠ ᠶᠢ ᠨᠠᠶᠢᠳᠠᠪᠦᠷᠢᠵᠢᠭᠤᠯᠬᠤ ᠠᠵᠢᠯ ᠢ | ᠭᠠᠷᠳᠠᠨ ᠬᠢᠵᠣ ᠪᠠᠶᠢᠭᠰᠠᠨ ᠠᠬᠠᠮᠠᠳ ᠺᠠᠳ᠋ᠷ ᠤᠨ ᠲᠦᠯᠦᠭᠡᠯᠡᠭᠴᠢ ᠨᠠᠷ ᠣᠷᠣᠯᠴᠠᠵᠣ᠂ ᠮᠠᠯᠴᠢᠨ ᠲᠠᠷᠢᠶᠠᠴᠢᠨ ᠬᠤᠳᠡ | ᠶᠢᠨ ᠢᠷᠭᠡᠨ ᠤ ᠲᠦᠯᠦᠭᠡᠯᠡᠭᠴᠢ ᠶᠢᠨ ︽ᠭᠤᠷᠪᠠᠨ ᠠᠷᠠᠳ︾ ᠤᠨ ᠠᠷᠪᠠᠨ ᠵᠢᠯ ᠤᠨ ᠪᠠᠷᠢᠮᠵᠢᠶ᠎ᠠ ᠶᠢ | ᠲᠡᠭᠡᠭᠰᠢᠯᠡᠬᠦᠯᠦᠭᠰᠡᠨ ᠨᠦᠬᠦᠪᠦᠷᠢ ᠶᠢ ᠨᠡᠮᠡᠵᠣ ᠣᠯᠭᠤᠭᠰᠠᠨ ᠳᠤ ᠲᠣᠶᠢᠯ ᠢᠶᠠᠷ ᠵᠣᠷᠢᠭᠵᠢᠨ᠂ ᠨᠠᠮ ᠪᠠ ᠵᠠᠰᠠᠭ ᠤᠨ | ᠣᠷᠳᠣᠨ ᠤ ᠬᠠᠶᠢᠷ᠎ᠡ ᠬᠠᠯᠠᠮᠵᠢ ᠳᠤ ᠪᠠᠶᠠᠷᠯᠠᠨ ᠲᠠᠯᠠᠷᠬᠠᠵᠣ ᠪᠠᠶᠢᠭ᠎ᠠ ᠰᠡᠳᠬᠢᠯᠭᠡ ᠪᠠᠨ ᠢᠯᠡᠳᠭᠡᠵᠣ ᠬᠦᠷᠭᠡᠭᠰᠡᠨ ︽ | ᠲᠦᠷᠦ ᠶᠢᠨ ᠪᠣᠳᠣᠯᠭ᠎ᠠ ᠶᠢ ᠢᠪᠡᠭᠡᠨ ᠲᠣᠱᠯᠠᠭᠤᠯᠣᠭᠠᠳ ᠲᠦᠪᠡᠭᠳᠡᠭᠰᠡᠨ ︽ᠭᠤᠷᠪᠠᠨ ᠠᠷᠠᠳ︾ ᠲᠤ ᠪᠣᠶᠠᠨ | ᠦᠢᠯᠡᠳᠪᠠᠢ᠂ ᠵᠡᠮᠳᠡᠭ ᠪᠠᠭᠤᠷᠠᠶᠢᠴᠣᠣᠯ ᠢ ᠬᠠᠯᠠᠮᠵᠢᠯᠠᠨ ᠲᠡᠳᠭᠦᠭᠡᠳ ᠵᠢᠷᠦᠬᠡ ᠰᠡᠳᠬᠢᠯ ᠢ ᠲᠣᠯᠠᠭᠠᠴᠠᠭᠤᠯᠣᠨ | ᠪᠠᠶᠠᠰᠬᠠᠪᠠᠢ︾ ᠭᠡᠮᠡᠬᠦ ᠠᠯᠳᠠᠨ ᠰᠢᠷᠭᠠᠯ ᠦᠰᠦᠭ ᠲᠠᠢ ᠭᠡᠮᠡᠷᠯᠢᠭ ᠲᠤᠭ ᠢᠯᠨ ᠲᠠᠢ ᠬᠠᠷᠠᠭᠳᠠᠵᠣ᠂ ᠶᠢᠰᠦ ᠶᠢᠨ | ᠬᠦᠢᠳᠡᠨ ᠢ ᠰᠦᠷᠴᠣ ᠢᠷᠡᠭᠰᠡᠨ ᠰᠠᠭᠤᠭᠰᠠᠨ ᠣᠯᠠᠨ ᠤ ᠰᠡᠳᠬᠢᠯ ᠢ ᠦᠨᠡᠭᠡᠷ ᠲᠣᠯᠠᠭᠠᠴᠠᠭᠤᠯᠣᠨᠠ᠃ ︵ | ᠬᠦᠬᠡᠳᠠᠪᠠᠯᠭᠠᠨ᠂ ᠰᠠᠷᠠᠨ᠎ᠠ︶ | | | | |