ᠪᠠᠭᠠᠷᠢᠨ ᠪᠠᠷᠠᠭᠤᠨ ᠬᠤᠰᠢᠭᠤᠨ ᠤ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠲᠠᠰᠤᠷᠠᠯᠲᠠ ᠥᠬᠡᠶ ᠰᠢᠯᠢᠳᠡᠭᠵᠢᠨ ᠲᠠᠰ ᠳᠡᠪᠰᠢᠪᠡ
ᠨᠡᠶᠢᠲᠡᠯᠡᠭᠰᠡᠨ ᠴᠠᠭ᠄
2021/1/7
    ᠪᠠᠭᠠᠷᠢᠨ ᠪᠠᠷᠠᠭᠤᠨ ᠬᠤᠰᠢᠭᠤᠨ ᠤ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠰᠠᠭᠤᠷᠢ ᠢᠨᠵᠧᠨᠧᠷᠢᠩ  ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠦᠶᠡᠷ ᠢ ᠰᠡᠷᠭᠡᠶᠢᠯᠡᠨ ᠤᠰᠤ ᠠᠷᠪᠢᠯᠠᠬᠤ ᠤᠰᠤᠯᠠᠯᠲᠠ ᠶᠢᠨ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠪᠡ᠃ 2020 ᠣᠨ ᠳᠤ᠂ ᠭᠠᠯᠳᠠᠰᠤᠲᠠᠢ ᠭᠤᠤᠯ ᠤᠨ ᠶᠦᠩ ᠯᠢᠨ ᠬᠡᠰᠡᠭ ᠤᠨ ᠦᠶᠡᠷ ᠢ ᠰᠡᠷᠭᠡᠶᠢᠯᠡᠬᠦ ᠢᠨᠵᠧᠨᠧᠷᠢᠩ ᠢ ᠬᠡᠷᠡᠭᠵᠢᠭᠦᠯᠵᠦ᠂ ᠰᠢᠨ᠎ᠡ ᠪᠠᠷ 12.6 ᠺᠢᠯᠣᠮᠧᠲᠷ ᠣᠷᠳᠣ ᠭᠤᠤᠯ ᠤᠨ ᠵᠠᠮ ᠢ ᠵᠠᠰᠠᠪᠠ︔ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠤᠰᠤᠨ ᠠᠰᠢᠭᠯᠠᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯ ᠢ ᠪᠡᠶᠡᠯᠡᠭᠦᠯᠵᠦ᠂ 2 ᠲᠦᠮᠡᠨ ᠮᠤ᠋ ᠵᠢᠵᠢᠭ ᠰᠠᠪᠠ ᠭᠠᠵᠠᠷ ᠢ ᠵᠠᠰᠠᠨ᠂ ᠤᠰᠤ ᠠᠷᠪᠢᠯᠠᠬᠤ ᠤᠰᠤᠯᠠᠯᠲᠠ ᠶᠢᠨ ᠲᠠᠯᠠᠪᠠᠢ ᠶᠢ 1160 ᠾᠧᠺᠲ᠋ᠠᠷ  ᠰᠠᠶᠢᠵᠢᠷᠠᠭᠤᠯᠪᠠ︔ ᠪᠠᠭᠠᠷᠢᠨ ᠪᠠᠷᠠᠭᠤᠨ ᠬᠤᠰᠢᠭᠤᠨ ᠤ 2018 ᠣᠨ ᠤ ᠲᠠᠷᠢᠶᠠᠯᠠᠩ ᠤᠨ ᠶᠡᠷᠦᠩᠬᠡᠶᠢᠯᠡᠭᠰᠡᠨ ᠨᠡᠭᠡᠭᠡᠯᠲᠡ ᠶᠢᠨ ᠪᠦᠳᠦᠭᠦᠨᠬᠤᠸᠠ ᠶᠢᠨ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠤ ᠦᠷᠭᠦᠯᠵᠢᠯᠡᠨ ᠪᠠᠶᠢᠭᠤᠯᠵᠤ ᠢᠵᠢ ᠪᠦᠷᠢᠳᠦᠭᠦᠯᠬᠦ ᠬᠢᠭᠡᠳ ᠤᠰᠤ ᠠᠷᠪᠢᠯᠠᠬᠤ ᠥᠭᠡᠷᠡᠴᠢᠯᠡᠯᠲᠡ ᠶᠢᠨ ᠢᠨᠵᠧᠨᠧᠷᠢᠩ ( ᠬᠤᠶᠠᠳᠤᠭᠠᠷ ᠪᠦᠯᠦᠭ )᠂ ᠤᠯᠠᠭᠠᠨᠬᠠᠳᠠ ᠬᠤᠲᠠ ᠶᠢᠨ ᠬᠠᠶᠢᠯᠠᠰᠤ ᠶᠢᠨ ᠲᠠᠯ᠎ᠠ ᠨᠤᠲᠤᠭ ᠤᠨ ᠤᠰᠤᠯᠠᠯᠲᠠ ᠶᠢᠨ ᠣᠷᠣᠨ ᠤ ᠳᠠᠯᠠᠩᠲᠠᠢ ᠶᠢᠨ ᠤᠰᠤᠯᠠᠯᠲᠠ ᠶᠢᠨ ᠣᠷᠣᠨ ᠤ ᠦᠷᠭᠦᠯᠵᠢᠯᠡᠨ ᠪᠠᠶᠢᠭᠤᠯᠵᠤ ᠢᠵᠢ ᠪᠦᠷᠢᠳᠦᠭᠦᠯᠬᠦ ᠬᠢᠭᠡᠳ ᠤᠰᠤ ᠠᠷᠪᠢᠯᠠᠬᠤ ᠥᠭᠡᠷᠡᠴᠢᠯᠡᠯᠲᠡ ᠶᠢᠨ ᠢᠨᠵᠧᠨᠧᠷᠢᠩ᠂ ᠪᠠᠭᠠᠷᠢᠨ ᠪᠠᠷᠠᠭᠤᠨ ᠬᠤᠰᠢᠭᠤᠨ ᠤ ᠮᠠᠯᠵᠢᠬᠤ ᠣᠷᠣᠨ ᠤ ᠤᠰᠤ ᠠᠷᠪᠢᠯᠠᠬᠤ ᠤᠰᠤᠯᠠᠯᠲᠠ ᠶᠢᠨ ᠢᠨᠵᠧᠨᠧᠷᠢᠩ ᠢ ᠪᠡᠶᠡᠯᠡᠭᠦᠯᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05001926号-2