ᠪᠠᠭᠠᠷᠢᠨ ᠪᠠᠷᠠᠭᠤᠨ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠪᠠ
ᠨᠡᠶᠢᠲᠡᠯᠡᠭᠰᠡᠨ ᠴᠠᠭ᠄
2021/1/7
     ᠪᠠᠭᠠᠷᠢᠨ ᠪᠠᠷᠠᠭᠤᠨ ᠬᠤᠰᠢᠭᠤ ᠲᠠᠷᠢᠶᠠᠯᠠᠩ ᠮᠠᠯ ᠠᠵᠤ ᠠᠬᠤᠶ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ  ᠶᠢᠨ ᠴᠢᠨᠠᠷᠲᠠᠶ ᠥᠭᠡᠷᠡᠴᠢᠯᠡᠯᠲᠡ ᠲᠠᠢ ᠤᠶᠠᠯᠳᠤᠭᠤᠯᠤᠨ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠯᠡᠰ ᠤᠨ ᠪᠦᠲᠦᠴᠡ ᠶᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠶᠠᠰᠤ ᠴᠢᠨᠠᠷ ᠦᠷ᠎ᠡ ᠠᠰᠢᠭ ᠪᠠ ᠥᠷᠢᠰᠥᠯᠳᠦᠬᠦ ᠬᠦᠴᠦᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠪᠠ᠃ ᠨᠢᠭᠡ ᠳᠤ᠂ ᠮᠢᠬᠠᠨ ᠤ ᠦᠬᠡᠷ《 1015》᠂ ᠮᠢᠬᠠᠨ ᠤ ᠬᠤᠨᠢ《 23456 》 ᠲᠡᠵᠢᠭᠡᠨ ᠦᠷᠡᠵᠢᠭᠦᠯᠬᠦ ᠵᠠᠭᠪᠤᠷ ᠢ ᠶᠡᠬᠡᠪᠡᠷ ᠳᠡᠯᠭᠡᠷᠡᠭᠦᠯᠵᠦ᠂ ᠮᠢᠬᠠᠨ ᠤ ᠬᠤᠨᠢ᠂ ᠮᠢᠬᠠᠨ ᠤ ᠦᠬᠡᠷ ᠢ ᠲᠣᠰ ᠲᠣᠰ 200 ᠲᠥᠮᠡᠨ ᠲᠤᠯᠤᠭᠠᠢ ᠪᠠ 6 ᠲᠥᠮᠡᠨ ᠲᠤᠯᠤᠭᠠᠢ  ᠪᠤᠷᠤᠯᠠᠭᠤᠯᠪᠠ᠃ ᠠᠮᠤ ᠪᠤᠳᠠᠭ᠎ᠠ ᠠᠵᠤ ᠠᠬᠤᠢ ᠶᠢᠨ ᠲᠠᠷᠢᠮᠠᠯ ᠲᠡᠵᠢᠭᠡᠯ ᠪᠣᠷᠳᠣᠭᠠᠨ ᠤ ᠬᠠᠷᠢᠴᠠᠯ ᠢ 58᠄ 21᠄ 21 ᠪᠣᠯᠭᠠᠨ ᠲᠣᠬᠢᠷᠠᠭᠤᠯᠪᠠ᠃ ᠥᠨᠳᠥᠷ ᠦᠷ᠎ᠡ ᠠᠰᠢᠭᠲᠤ ᠤᠰᠤ ᠠᠷᠪᠢᠯᠠᠬᠤ ᠤᠰᠤᠯᠠᠯᠲᠠ ᠶᠢᠨ ᠲᠠᠯᠠᠪᠠᠢ 52.2 ᠲᠦᠮᠡᠨ ᠮᠦ ᠳᠤ ᠬᠦᠷᠪᠡ᠃ ᠬᠤᠶᠠᠷ ᠲᠤ᠂ ᠰᠢᠨ᠎ᠡ ᠪᠠᠷ ᠮᠡᠳᠡᠭᠦᠯᠦᠭᠰᠡᠨ 16 ᠪᠣᠬᠢᠷᠲᠤᠯ ᠥᠬᠡᠶ ᠢᠳᠡᠭᠡᠨ ᠤ ᠵᠦᠶᠯ ᠤᠨ ᠮᠠᠲ᠋ᠧᠷᠢᠶᠠᠯ ᠢ ᠴᠥᠮ ᠬᠥᠳᠡᠭᠡ ᠠᠵᠤ ᠠᠬᠤᠶ ᠬᠥᠳᠡᠭᠡ ᠲᠣᠰᠬᠤᠨ ᠤ ᠶᠠᠮᠤᠨ ᠤ ᠪᠣᠬᠢᠷᠲᠤᠯ ᠥᠬᠡᠶ ᠢᠳᠡᠭᠡᠨ ᠤ ᠵᠦᠶᠯ ᠤᠨ ᠬᠥᠭᠵᠢᠯᠲᠡ ᠶᠢᠨ ᠲᠥᠪ ᠤᠨ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠬᠢᠨᠠᠨ ᠪᠠᠶᠢᠴᠠᠭᠠᠯᠲᠠ ᠪᠠᠷ ᠪᠠᠲᠤᠯᠠᠵᠠᠶ︔ ᠪᠠᠭᠠᠷᠢᠨ ᠬᠤᠨᠢᠨ ᠮᠢᠬ᠎ᠠ ᠶᠢ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠳᠤ ᠣᠷᠣᠭᠤᠯᠪᠠ᠃ ᠭᠤᠷᠪᠠ ᠳᠤ ᠂ 6702 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ 10 ᠭᠠᠴᠠᠭ᠎ᠠ ᠲᠣᠰᠬᠤᠨ ᠢ ᠳᠠᠮᠵᠢᠨ ᠪᠠᠶᠢᠭᠤᠯᠪᠠ᠃ ᠲᠣᠰᠬᠤᠨ ᠤ ᠲᠦᠷᠢᠮ ᠠᠷᠠᠳ ᠤᠨ ᠭᠡᠷ᠎ᠡ ᠶᠢ ᠲᠣᠭᠲᠠᠭᠠᠬᠤ ᠪᠠᠷ ᠳᠠᠮᠵᠢᠭᠤᠯᠤᠨ ᠵᠠᠩ ᠳᠠᠳᠬᠠᠯ ᠢ ᠥᠭᠡᠷᠡᠴᠢᠯᠡᠵᠦ᠂ ᠬᠠᠶᠢᠷ᠎ᠠ ᠬᠠᠯᠠᠮᠵᠢ ᠶᠢᠨ ᠬᠡᠲᠦ ᠳᠡᠯᠭᠡᠭᠦᠷ ᠤᠨ ᠬᠤᠪᠢ ᠬᠤᠷᠠᠮᠳᠤᠭᠤᠯᠵᠤ ᠱᠠᠩᠨᠠᠨ ᠬᠥᠬᠢᠭᠦᠯᠬᠦ ᠲᠠᠢ ᠤᠶᠠᠯᠳᠤᠭᠤᠯᠤᠨ᠂ ᠮᠠᠯᠴᠢᠨ ᠲᠠᠷᠢᠶᠠᠴᠢᠳ ᠢ ᠬᠥᠲᠥᠯᠦᠨ ᠵᠢᠯᠣᠭᠤᠳᠴᠤ ᠪᠠᠶᠢᠭᠠᠳ ᠤᠯᠠᠮᠵᠢᠯᠠᠯᠲᠤ ᠦᠶᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠨᠢ ᠬᠤᠪᠢᠷᠠᠭᠤᠯᠵᠤ᠂ ᠰᠠᠶᠢᠨ ᠰᠠᠶᠢᠬᠠᠨ ᠡᠷᠡᠭᠦᠯ ᠬᠠᠮᠠᠭᠠᠯᠠᠯ ᠤᠨ ᠳᠠᠳᠬᠠᠯ ᠲᠠᠢ ᠪᠤᠯᠭᠠᠪᠠ᠃ ᠳᠥᠷᠪᠡ ᠳᠤ᠂ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠪᠥᠬᠦ ᠬᠤᠰᠢᠭᠤ ᠪᠠᠷ ᠢᠶᠠᠨ ᠠᠬᠢᠭᠤᠯᠬᠤ ᠲᠥᠷᠥᠯ ᠵᠦᠶᠯ ᠢ ᠬᠡᠷᠡᠭᠵᠢᠭᠦᠯᠵᠦ᠂ ᠵᠢᠯ ᠳᠤ 5 ᠲᠦᠮᠡᠨ ᠲᠣᠨ ᠤ ᠭᠠᠷᠤᠯᠲᠠ ᠲᠠᠢ ᠣᠷᠭᠠᠨᠢᠭ ᠪᠣᠷᠳᠣᠭᠤᠷ ᠤᠨ ᠦᠶᠯᠡᠳᠪᠦᠷᠢ 2᠂ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠡᠷᠦᠬᠡ᠂ ᠬᠤᠷᠰᠢᠶᠠᠵᠢᠯ ᠤᠨ ᠢᠯᠭᠠᠳᠠᠰᠤ ᠶᠢ ᠬᠤᠤᠷ ᠥᠬᠡᠶᠢᠳᠡᠭᠦᠯᠦᠨ ᠰᠢᠶᠳᠪᠦᠷᠢᠯᠡᠬᠦ ᠡᠷᠦᠬᠡ 51 ᠶᠢ ᠪᠠᠶᠢᠭᠤᠯᠪᠠ᠃ ᠠᠶᠢᠯ ᠲᠣᠰᠬᠤᠨ ᠢ ᠴᠡᠪᠡᠷᠯᠡᠬᠦ ᠠᠵᠢᠯᠯᠠᠭ᠎ᠠ ᠶᠢ ᠪᠥᠬᠦ ᠲᠠᠯ᠎ᠠ ᠪᠠᠷ ᠦᠷᠨᠢᠭᠦᠯᠦᠨ᠂ ᠮᠠᠯᠵᠢᠬᠤ ᠲᠠᠷᠢᠶᠠᠯᠠᠬᠤ ᠣᠷᠣᠨ ᠤ《ᠵᠣᠷᠯᠣᠩ ᠤᠨ ᠬᠤᠪᠢᠰᠬᠠᠯ》 ᠢ ᠶᠡᠬᠡᠪᠡᠷ ᠠᠬᠢᠭᠤᠯᠵᠤ᠂ ᠬᠡᠷ ᠤᠨ ᠵᠣᠷᠯᠣᠩ 1972 ᠰᠠᠭᠤᠷᠢ ᠪᠠᠶᠢᠭᠤᠯᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05001926号-2