ᠪᠠᠭᠠᠷᠢᠨ ᠪᠠᠷᠠᠭᠤᠨ ᠬᠤᠰᠢᠭᠤᠨ ᠤ《 ᠭᠤᠷᠪᠠ ᠶᠢ ᠰᠡᠷᠭᠡᠶᠢᠯᠡᠬᠦ ᠪᠠᠶᠢᠭᠤᠯᠤᠯᠲᠠ 》 ᠶᠢ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠲᠣᠭᠲᠠᠭᠤᠨ ᠪᠠᠶᠢᠬᠤ ᠶᠢ ᠪᠠᠲᠤᠯᠠᠪᠠ
ᠨᠡᠶᠢᠲᠡᠯᠡᠭᠰᠡᠨ ᠴᠠᠭ᠄
2021/1/8
     ᠨᠢᠭᠡ ᠳᠤ᠂《 ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ 》ᠲᠣᠭᠲᠠᠭᠠᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠰᠤᠷᠭᠠᠭᠤᠯᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠲᠦᠷᠢᠮ ᠢ ᠪᠠᠶᠢᠭᠤᠯᠤᠨ ᠪᠦᠷᠢᠨᠰᠢᠭᠦᠯᠵᠦ᠂《 ᠲᠠᠪᠤᠨ ᠪᠦᠬᠦᠨ 》 ᠢ ᠴᠢᠩᠭ᠎ᠠ ᠬᠡᠷᠡᠭᠵᠢᠭᠦᠯᠪᠡ᠃ ᠬᠠᠮᠢᠶ᠎ᠠ ᠪᠥᠬᠦᠶ ᠰᠠᠯᠠᠭ᠎ᠠ ᠮᠥᠴᠢᠷ᠂ ᠨᠢᠭᠡᠴᠡ ᠲᠠᠢ ᠬᠠᠮᠲᠤᠷᠠᠨ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠪᠠ ᠪᠥᠬᠦ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠵᠡᠷᠭᠡ ᠠᠵᠢᠯ ᠢ ᠬᠠᠮᠲᠤᠷᠠᠨ ᠪᠠᠶᠢᠴᠠᠭᠠᠵᠤ᠂ ᠠᠮᠤᠷ ᠲᠦᠪᠰᠢᠨ ᠤ ᠬᠡᠮ ᠰᠣᠭᠤᠭ ᠢ 115 ᠢᠯᠡᠷᠡᠭᠦᠯᠦᠨ᠂ 45 ᠬᠤᠪᠢ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠵᠤ᠂ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠪᠠ᠃ ᠬᠤᠶᠠᠷ ᠲᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ  ᠳᠡᠭᠡᠭᠰᠢᠯᠡᠭᠦᠯᠪᠡ᠃ ᠪᠥᠬᠦ ᠬᠤᠰᠢᠭᠤᠨ ᠤ ᠠᠯᠪᠠᠨ ᠠᠴᠠ ᠡᠷᠭᠢᠯᠡᠭᠰᠡᠨ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠲᠤ ᠠᠮᠤᠷ ᠲᠦᠪᠰᠢᠨ ᠢᠶᠠᠷ ᠲᠠᠷᠬᠠᠭᠠᠬᠤ ᠰᠣᠷᠢᠯᠲᠠ ᠶᠢ ᠨᠡᠶᠢᠲᠡ 165 ᠤᠳᠠᠭ᠎ᠠ ᠥᠷᠨᠢᠭᠦᠯᠵᠦ᠂ ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠲᠤ ᠠᠮᠤᠷ ᠲᠦᠪᠰᠢᠨ ᠢᠶᠠᠷ ᠲᠠᠷᠬᠠᠭᠠᠬᠤ ᠰᠣᠷᠢᠯᠲᠠ ᠶᠢ ᠨᠡᠶᠢᠲᠡ 37 ᠤᠳᠠᠭ᠎ᠠ ᠥᠷᠨᠢᠭᠦᠯᠪᠡ᠃ ᠭᠤᠷᠪᠠ ᠳᠤ᠂ ᠪᠥᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ᠂ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠴᠥᠮ 《 ᠨᠢᠭᠡ ᠪᠠᠷᠢᠮᠵᠢᠶ᠎ᠠ᠂ ᠭᠤᠷᠪᠠᠨ 100 % 》 ᠶᠢᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ᠂ ᠪᠦᠬᠦᠨ ᠢ ᠰᠤᠷᠭᠠᠭᠤᠯᠢ ᠶᠢᠨ ᠬᠦᠷᠢᠶᠡᠨ ᠤ ᠡᠭᠦᠳᠡᠨ ᠳᠤ ᠲᠤᠰᠠᠭᠠᠷᠯᠠᠬᠤ ᠲᠤᠯᠭᠠᠭᠤᠷᠢ ᠶᠢᠨ ᠮᠥᠷᠭᠦᠯᠲᠡ ᠠᠴᠠ ᠰᠡᠷᠭᠡᠶᠢᠯᠡᠬᠦ ᠲᠥᠬᠦᠭᠡᠷᠦᠮᠵᠢ ᠲᠤᠬᠢᠷᠠᠭᠤᠯᠤᠨ᠂ ᠪᠦᠬᠦᠨ ᠢ ᠨᠢᠭᠡ ᠳᠠᠷᠤᠪᠴᠢᠲᠤ ᠪᠠᠴᠢᠮ ᠲᠦᠭᠰᠢᠭᠦᠷᠢ ᠮᠡᠳᠡᠭᠦᠯᠬᠦ ᠰᠢᠰᠲ᠋ᠧᠮ ᠢ ᠤᠭᠰᠠᠷᠠᠵᠤ᠂ ᠲᠧᠯᠸᠢᠰ ᠳᠠᠯᠭᠡᠴᠡ ᠶᠢᠨ ᠬᠢᠨᠠᠨ ᠡᠵᠡᠮᠳᠡᠬᠦ ᠰᠢᠰᠲ᠋ᠧᠮ  ᠤᠨ ᠪᠠᠷᠢᠮᠵᠢᠶ᠎ᠠ ᠳᠤ ᠬᠦᠷᠦᠭᠰᠡᠨ ᠨᠣᠷᠮ᠎ᠠ ᠶᠢ 100 %   ᠳᠤ ᠬᠦᠷᠭᠡᠬᠦ ᠶᠢᠨ ᠬᠠᠮᠲᠤ ᠨᠢᠭᠡᠨᠲᠡ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠠ ᠰᠤᠷᠭᠠᠨ ᠬᠥᠮᠦᠵᠢᠯ ᠤᠨ ᠲᠣᠪᠴᠢᠶ᠎ᠠ ᠲᠠᠢ ᠰᠦᠯᠵᠢᠶ᠎ᠡ ᠬᠤᠯᠪᠣᠵᠠᠶ᠃ ᠳᠥᠷᠪᠡ ᠳᠤ᠂ ᠪᠥᠬᠦ ᠬᠤᠰᠢᠭᠤᠨ ᠤ 12 ᠰᠠᠭᠤᠷᠢ ᠰᠤᠷᠭᠠᠭᠤᠯᠢ ᠶᠢᠨ ᠲᠡᠷᠭᠡ ᠨᠢ  16 ᠰᠤᠷᠭᠠᠭᠤᠯᠢ ᠶᠢᠨ ᠰᠣᠷᠣᠭᠴᠢ ᠶᠢ ᠠᠮᠤᠷ ᠲᠦᠪᠰᠢᠨ ᠢᠶᠠᠷ ᠰᠤᠷᠭᠠᠭᠤᠯᠢ ᠳᠤᠨᠢ ᠬᠦᠷᠭᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05001926号-2