ᠪᠠᠭᠠᠷᠢᠨ ᠪᠠᠷᠠᠭᠤᠨ ᠬᠤᠰᠢᠭᠤᠨ ᠤ ᠬᠢᠨ ᠬᠡᠯᠪᠡᠷᠢ ᠪᠠᠨ ᠬᠤᠪᠢᠷᠠᠭᠤᠯᠤᠨ ᠪᠦᠲᠦᠴᠡ ᠪᠠᠨ ᠲᠣᠬᠢᠷᠠᠭᠤᠯᠵᠤ᠂ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2021/1/8
     ᠪᠠᠭᠠᠷᠢᠨ ᠪᠠᠷᠠᠭᠤᠨ ᠬᠤᠰᠢᠭᠤ《 ᠵᠠᠬ᠎ᠠ ᠳᠡᠯᠭᠡᠭᠦᠷ ᠢᠶᠠᠷ ᠬᠥᠲᠥᠯᠥᠨ ᠳᠠᠭᠠᠭᠤᠯᠬᠤ᠂ ᠵᠠᠰᠠᠭ ᠤᠨ ᠣᠷᠳᠣᠨ  ᠠᠴᠠ ᠲᠡᠳᠬᠦᠨ ᠳᠡᠮᠵᠢᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠲᠤᠯᠭᠠᠭᠤᠷᠢᠯᠠᠭᠤᠯᠬᠤ᠂ ᠠᠵᠤ ᠠᠬᠤᠶᠢᠯᠠᠯ ᠢᠶᠠᠷ ᠠᠵᠢᠯᠯᠠᠭᠤᠯᠬᠤ᠂ ᠡᠪᠡᠰᠦᠨ ᠤ ᠦᠶᠯᠡᠰ ᠢ ᠤᠷᠢᠳ ᠢᠶᠠᠷ ᠬᠥᠭᠵᠢᠭᠦᠯᠬᠦ᠂ ᠵᠢᠱᠢᠶ᠎ᠡ ᠦᠵᠡᠭᠦᠯᠦᠨ ᠳᠠᠶᠢᠴᠢᠯᠠᠬᠤ 》 ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ 24 ᠥᠰᠥᠭ ᠤᠨ ᠴᠢᠭᠯᠡᠯᠲᠡ ᠶᠢ ᠪᠠᠷᠢᠮᠲᠠᠯᠠᠵᠤ᠂《 ᠲᠥᠪᠯᠡᠷᠡᠭᠦᠯᠦᠭᠰᠡᠨ᠂ ᠴᠤᠭᠯᠠᠷᠠᠭᠤᠯᠤᠭᠰᠠᠨ᠂ ᠡᠷᠴᠢᠮᠵᠢᠭᠦᠯᠦᠭᠰᠡᠨ 》 ᠬᠥᠭᠵᠢᠯᠲᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂《 ᠡᠪᠡᠰᠦ ᠪᠣᠷᠳᠤᠭ᠎ᠠ ᠨᠡᠮᠡᠭᠳᠡᠭᠦᠯᠬᠦ᠂ ᠬᠤᠨᠢ ᠨᠡᠮᠡᠭᠳᠡᠭᠦᠯᠬᠦ᠂ ᠦᠬᠡᠷ ᠨᠡᠮᠡᠭᠳᠡᠭᠦᠯᠬᠦ 》 ᠬᠥᠭᠵᠢᠯᠲᠡ ᠶᠢᠨ ᠭᠤᠤᠯᠳᠠᠯᠭ᠎ᠠ ᠶᠢ ᠴᠢᠩᠭ᠎ᠠ ᠠᠩᠬᠠᠷᠴᠤ᠂ ᠠᠷᠭ᠎ᠠ ᠬᠡᠯᠪᠡᠷᠢ ᠪᠠᠨ ᠦᠷᠭᠦᠯᠵᠢᠯᠡᠨ ᠬᠤᠪᠢᠷᠠᠭᠤᠯᠵᠤ ᠪᠦᠲᠦᠴᠡ ᠳᠤ ᠲᠣᠬᠢᠷᠠᠭᠤᠯᠤᠯᠲᠠ ᠬᠢᠵᠦ᠂ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ  ᠶᠢ ᠦᠨᠡᠩᠬᠦ ᠠᠬᠢᠭᠤᠯᠪᠠ᠃      2020 ᠣᠨ ᠤ 12 ᠰᠠᠷ᠎ᠠ ᠪᠣᠯᠲᠠᠯ᠎ᠠ᠂ ᠪᠥᠬᠦ ᠬᠤᠰᠢᠭᠤᠨ ᠤ ᠮᠠᠯ ᠤᠨ ᠲᠤᠭ᠎ᠠ 276 ᠲᠦᠮᠡ ᠳᠤ ᠬᠦᠷᠴᠦ᠂ ᠡᠭᠦᠨ ᠳᠤ ᠦᠬᠡᠷ ᠤᠨ ᠲᠤᠭ᠎ᠠ 15.5 ᠲᠦᠮᠡ᠂ ᠬᠤᠨᠢᠨ ᠤ ᠲᠤᠭ᠎ᠠ 255 ᠲᠦᠮᠡ ᠳᠤ ᠬᠦᠷᠴᠡᠶ᠃ 6 ᠲᠦᠮᠡᠨ ᠲᠣᠯᠣᠭᠠᠢ ᠢᠴᠡᠭᠡᠯ ᠦᠷ᠎ᠡ ᠶᠢᠨ ᠰᠢᠩᠭᠡᠨ ᠳᠤ ᠭᠠᠷ ᠬᠡᠭᠡᠯᠲᠦᠭᠦᠯᠭᠡ ᠬᠢᠵᠦ᠂ 40 ᠲᠦᠮᠡᠨ ᠲᠣᠯᠣᠭᠠᠢ  ᠮᠢᠬᠠᠨ ᠤ ᠬᠤᠨᠢᠨ ᠤ ᠠᠵᠤ ᠠᠬᠤᠢ ᠶᠢᠨ ᠡᠷᠯᠢᠰᠡᠵᠢᠭᠦᠯᠦᠯᠲᠡ ᠶᠢ ᠪᠡᠶᠡᠯᠡᠭᠦᠯᠪᠡ᠃ ᠮᠢᠬᠠᠨ ᠤ ᠦᠬᠡᠷ ᠢ ᠬᠠᠰᠢᠶᠠᠯᠠᠨ ᠲᠡᠵᠢᠭᠡᠵᠦ ᠦᠷᠡᠵᠢᠭᠦᠯᠬᠦ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ 10᠂ ᠮᠢᠬᠠᠨ ᠤ ᠬᠤᠨᠢ ᠶᠢ ᠬᠠᠰᠢᠶᠠᠯᠠᠨ ᠲᠡᠵᠢᠭᠡᠵᠦ ᠦᠷᠡᠵᠢᠭᠦᠯᠬᠦ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ 9 ᠶᠢ ᠬᠦᠭᠵᠢᠭᠦᠯᠪᠡ︔ ᠮᠢᠬᠠᠨ ᠤ ᠦᠬᠡᠷ ᠢ ᠬᠠᠰᠢᠶᠠᠯᠠᠨ ᠲᠡᠵᠢᠭᠡᠬᠦ ᠵᠢᠱᠢᠶ᠎ᠡ ᠦᠵᠡᠭᠦᠯᠬᠦ ᠡᠷᠦᠬᠡ 300᠂ ᠮᠢᠬᠠᠨ ᠤ ᠬᠤᠨᠢ ᠶᠢ ᠬᠠᠰᠢᠶᠠᠯᠠᠨ ᠲᠡᠵᠢᠭᠡᠬᠦ ᠵᠢᠱᠢᠶ᠎ᠡ ᠦᠵᠡᠭᠦᠯᠬᠦ ᠡᠷᠦᠬᠡ 350   ᠶᠢ ᠪᠣᠶᠢᠵᠢᠭᠤᠯᠤᠨ ᠬᠦᠭᠵᠢᠭᠦᠯᠪᠡ᠃ ᠪᠥᠬᠦ ᠬᠤᠰᠢᠭᠤᠨ ᠤ ᠡᠪᠡᠰᠦ ᠪᠡᠯᠴᠢᠭᠡᠷ ᠤᠨ ᠨᠥᠭᠡᠴᠡ 270 ᠲᠦᠮᠡᠨ ᠲᠣᠨ ᠳᠤ ᠬᠦᠷᠴᠡᠶ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05001926号-2