ᠬᠠᠰᠲᠣᠭᠲᠠᠬᠤ ᠨᠦᠬᠦᠷ ᠤᠨ ᠲᠤᠪᠴᠢ ᠨᠠᠮᠲᠡᠷ
ᠨᠡᠶᠢᠲᠡᠯᠡᠭᠰᠡᠨ ᠴᠠᠭ᠄
2021/8/27
    ᠨᠢᠭᠡ᠂ ᠦᠨᠳᠦᠰᠦᠨ ᠪᠠᠶᠢᠳᠠᠯ     ᠬᠠᠰᠲᠣᠭᠲᠠᠬᠤ᠂ ᠡᠷᠡᠭᠲᠠᠢ᠂ ᠮᠤᠩᠭᠤᠯ ᠦᠨᠳᠦᠰᠦᠲᠡᠨ᠂ 1967 ᠤᠨ ᠤ 9 ᠰᠠᠷ᠎ᠠ ᠳᠤ ᠪᠠᠭᠠᠷᠢᠨ ᠪᠠᠷᠠᠭᠤᠨ ᠬᠤᠰᠢᠭᠤᠨ ᠳᠤ ᠲᠦᠷᠦᠵᠡᠢ᠃ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠃ 1989 ᠤᠨ ᠤ 9 ᠰᠠᠷ᠎ᠠ ᠳᠤ ᠠᠵᠢᠯ ᠲᠤ ᠭᠠᠷᠴᠦ᠂ 1994 ᠤᠨ ᠤ 1 ᠰᠠᠷ᠎ᠠ ᠳᠤ ᠨᠠᠮ ᠳᠤ ᠤᠷᠤᠪᠠ᠃ ᠤᠳᠤ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠣᠳᠣᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠶᠢᠨ ᠲᠣᠰᠢᠶᠠᠯ ᠢ ᠡᠭᠦᠷᠭᠡᠯᠡᠵᠦ ᠪᠠᠶᠢᠨ᠎ᠠ᠃     ᠬᠤᠶᠠᠷ᠂ ᠠᠵᠢᠯ ᠤᠨ ᠦᠩᠭᠡᠷᠡᠯᠲᠡ     1985.09—1989.07 ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠮᠣᠩᠭᠤᠯ ᠬᠡᠯᠡ ᠤᠳᠬ᠎ᠠ ᠵᠣᠬᠢᠶᠠᠯ ᠤᠨ ᠲᠤᠰᠬᠠᠶ ᠮᠡᠷᠭᠡᠵᠢᠯ ᠳᠤ ᠰᠤᠷᠤᠯᠴᠠᠪᠠ︔     1989.07—1989.09 ᠠᠵᠢᠯ ᠬᠦᠯᠢᠶᠡᠪᠡ︔       1989.09—1994.08 ᠪᠠᠭᠠᠷᠢᠨ ᠪᠠᠷᠠᠭᠤᠨ ᠬᠤᠰᠢᠭᠤᠨ ᠤ ᠴᠠᠭᠠᠨᠮᠦ᠋ᠷᠡᠨ ᠰᠤᠮᠤ ᠶᠢᠨ ᠵᠠᠰᠠᠭ ᠵᠠᠬᠢᠷᠭᠠᠨ ᠤ ᠨᠠᠷᠢᠨ ᠪᠢᠴᠢᠭᠡᠴᠢ᠂ ᠨᠠᠮ ᠤᠨ ᠬᠤᠷᠢᠶ᠎ᠠ ᠶᠢᠨ ᠨᠠᠷᠢᠨ ᠪᠢᠴᠢᠭᠡᠴᠢ︔     1994.08—1998.01 ᠪᠠᠭᠠᠷᠢᠨ ᠪᠠᠷᠠᠭᠤᠨ ᠬᠤᠰᠢᠭᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠭᠡᠰᠢᠭᠦᠴᠢ︔     1998.01—1999.11 ᠪᠠᠭᠠᠷᠢᠨ ᠪᠠᠷᠠᠭᠤᠨ ᠬᠤᠰᠢᠭᠤᠨ ᠤ ᠨᠠᠮ ᠤᠨ ᠬᠤᠷᠢᠶ᠎ᠠ ᠶᠢᠨ ᠺᠠᠳ᠋ᠷ ᠤᠨ ᠪᠣᠳᠠᠲᠤ ᠠᠮᠵᠢᠯᠲᠠ ᠶᠢ ᠬᠢᠨᠠᠨ ᠰᠢᠯᠭᠠᠬᠤ ᠠᠯᠪᠠᠨ ᠭᠡᠷ ᠤᠨ ᠳᠡᠳ᠋ ᠡᠷᠬᠢᠯᠡᠭᠴᠢ︔     1999.11—2001.11 ᠪᠠᠭᠠᠷᠢᠨ ᠪᠠᠷᠠᠭᠤᠨ ᠬᠤᠰᠢᠭᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ︔     2001.11—2006.06 ᠪᠠᠭᠠᠷᠢᠨ ᠪᠠᠷᠠᠭᠤᠨ ᠬᠤᠰᠢᠭᠤᠨ ᠤ ᠳ᠋ᠠᠪᠠᠨ ᠪᠠᠯᠭᠠᠰᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠪᠠᠯᠭᠠᠰᠤᠨ ᠳᠠᠷᠤᠭ᠎ᠠ ︵2005.10—2010.07 ᠡᠨᠡᠬᠦ ᠬᠤᠭᠤᠴᠠᠭᠠᠨ ᠳᠤ᠄ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠣᠯᠠᠨ ᠨᠡᠶᠢᠲᠡ ᠶᠢᠨ ᠬᠠᠮᠢᠶᠠᠷᠤᠯᠲᠠ ᠶᠢᠨ ᠲᠤᠰᠬᠠᠶ ᠮᠡᠷᠭᠡᠵᠢᠯ ᠳᠤ ᠠᠰᠫᠢᠷᠠᠨᠲ ᠰᠣᠷᠣᠯᠴᠠᠪᠠ︶︔     2006.06—2007.09 ᠪᠠᠭᠠᠷᠢᠨ ᠪᠠᠷᠠᠭᠤᠨ ᠬᠤᠰᠢᠭᠤᠨ ᠤ ᠳ᠋ᠠᠪᠠᠨ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ︔       2007.09—2012.11 ᠬᠠᠷᠠᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠤᠯᠤᠰ ᠲᠥᠷᠥ ᠶᠢᠨ ᠭᠡᠰᠢᠭᠦᠨ᠂ ᠨᠠᠮ ᠤᠨ ᠬᠤᠷᠢᠶ᠎ᠠ ᠎ ᠶᠢᠨ ᠳᠡᠳ᠋ ᠱᠦᠵᠢ︔     2012.11—2019.09 ᠠᠷᠤ ᠬᠤᠷᠴᠢᠨ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠤᠰᠢᠭᠤᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ᠂ ᠰᠢᠪᠠᠳᠠᠨ ᠪᠠᠶᠢᠴᠠᠭᠠᠬᠤ ᠳᠠᠷᠤᠭ᠎ᠠ︔     2019.10—2020.04 ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ  ︔     2020.04—ᠤᠳᠤ ᠪᠤᠯᠲᠠᠯ᠎ᠠ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ᠃     ᠭᠤᠷᠪᠠ᠂ ᠠᠵᠢᠯ ᠤᠨ ᠬᠤᠪᠢᠶᠠᠷᠢᠯᠠᠯ     ᠪᠠᠶᠢᠩᠭᠤ ᠶᠢᠨ ᠬᠤᠷᠢᠶ᠎ᠠ ᠶᠢᠨ ᠪᠦᠬᠦ ᠲᠠᠯ᠎ᠠ ᠶᠢᠨ ᠠᠵᠢᠯ ᠢ ᠡᠷᠬᠢᠯᠡᠵᠦ᠂ ᠠᠯᠪᠠᠨ ᠭᠡᠷ ᠤᠨ ᠠᠵᠢᠯ ᠢ ᠭᠤᠣᠯ ᠬᠠᠮᠢᠶᠠᠷᠤᠨ᠎ᠠ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ