ᠼᠠᠢ ᠶᠦᠩ ᠬᠤᠶ ᠨᠥᠬᠦᠷ ᠤᠨ ᠲᠣᠪᠴᠢ ᠨᠠᠮᠲᠠᠷ
ᠨᠡᠶᠢᠲᠡᠯᠡᠭᠰᠡᠨ ᠴᠠᠭ᠄
2021/9/6
    ᠨᠢᠭᠡ᠂ ᠦᠨᠳᠦᠰᠦᠨ ᠪᠠᠶᠢᠳᠠᠯ     ᠼᠠᠢ ᠶᠦᠩ ᠬᠤᠢ᠂ ᠡᠷᠡᠭᠲᠡᠢ᠂ ᠬᠢᠲᠠᠳ ᠦᠨᠳᠦᠰᠦᠲᠡᠨ᠂ 1971 ᠣᠨ ᠤ 7 ᠰᠠᠷ᠎ᠠ ᠳᠤ ᠤᠯᠠᠭᠠᠨᠬᠠᠲᠠ ᠬᠤᠲᠠ ᠶᠢᠨ ᠬᠤᠩᠱᠠᠨ ᠲᠤᠭᠤᠷᠢᠭ ᠲᠤ ᠲᠦᠷᠦᠵᠠᠢ᠃ ᠶᠡᠭᠡ ᠰᠤᠷᠭᠠᠭᠤᠯᠢ ᠶᠢᠨ ᠵᠢᠩᠬᠢᠨᠢ ᠠᠩᠭᠢ ᠶᠢᠨ ᠰᠤᠷᠤᠯᠭ᠎ᠠ ᠶᠢᠨ ᠨᠠᠮᠲᠠᠷ ᠲᠠᠢ᠃ ᠪᠡᠭᠡᠵᠢᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ ᠲᠡᠮᠦᠷᠯᠢᠭ ᠪᠣᠯᠪᠠᠰᠤᠷᠠᠭᠤᠯᠬᠤ ᠮᠧᠬᠠᠨᠢᠭ ᠤᠨ ᠲᠤᠰᠬᠠᠶ ᠮᠡᠷᠭᠡᠵᠢᠯ ᠠᠴᠠ ᠲᠡᠭᠦᠰᠴᠡᠶ᠃ 1998 ᠣᠨ ᠤ 9 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠎ ᠳᠤ ᠣᠷᠣᠵᠤ᠂ 1993 ᠣᠨ ᠤ 7 ᠰᠠᠷ᠎ᠠ ᠳᠤ ᠠᠵᠢᠯ ᠳᠤ ᠣᠷᠣᠵᠠᠶ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠎ ᠤᠨ ᠱᠦᠵᠢ᠃     ᠬᠤᠶᠠᠷ᠂ ᠠᠵᠢᠯ ᠤᠨ ᠥᠩᠭᠡᠷᠡᠯᠲᠡ       1993.07—1996.07 ᠤᠯᠠᠭᠠᠨᠬᠠᠳᠠ ᠬᠤᠲᠠ ᠶᠢᠨ ᠤᠤᠯ ᠤᠨ ᠪᠤᠯᠤᠳ ᠲᠡᠮᠦᠷ ᠤᠨ ᠦᠢᠯᠡᠳᠪᠦᠷᠢ ᠶᠢᠨ ᠮᠡᠷᠭᠡᠵᠢᠯᠲᠡᠨ᠂ ᠲᠤᠬᠢᠷᠠᠭᠤᠯᠤᠭᠴᠢ︔     1996.07—1999.12 ᠤᠯᠠᠭᠠᠨᠬᠠᠳᠠ ᠬᠤᠲᠠ ᠶᠢᠨ ᠡᠪᠯᠡᠯ ᠤᠨ ᠬᠤᠷᠢᠶ᠎ᠠ ᠶᠢᠨ ᠵᠠᠯᠠᠭᠤᠴᠤᠳ ᠤᠨ ᠠᠵᠤ ᠦᠢᠯᠡᠳᠪᠦᠷᠢ ᠲᠠᠷᠢᠶᠠᠯᠠᠩ ᠮᠠᠯ ᠠᠵᠤ ᠠᠬᠤᠶ ᠶᠢᠨ ᠬᠡᠯᠲᠡᠰ ᠤᠨ ᠭᠡᠰᠢᠭᠦᠴᠢ︔     1999.12—2002.06 ᠤᠯᠠᠭᠠᠨᠬᠠᠳᠠ ᠬᠤᠳᠠ ᠶᠢᠨ ᠡᠪᠯᠡᠯ ᠤᠨ ᠬᠤᠷᠢᠶ᠎ᠠ ᠶᠢᠨ ᠵᠠᠯᠠᠭᠤᠴᠤᠳ ᠤᠨ ᠠᠵᠤ ᠦᠢᠯᠡᠳᠪᠦᠷᠢ ᠲᠠᠷᠢᠶᠠᠯᠠᠩ ᠮᠠᠯ ᠠᠵᠤ ᠠᠬᠤᠢ ᠶᠢᠨ ᠬᠡᠯᠲᠡᠰ ᠤᠨ ᠳᠡᠳ᠋ ᠡᠷᠬᠢᠯᠡᠭᠴᠢ ᠭᠡᠰᠢᠭᠦᠴᠢ︔     2002.06—2006.06 ᠤᠯᠠᠭᠠᠨᠬᠠᠳᠠ ᠬᠤᠲᠠ ᠶᠢᠨ ᠡᠪᠯᠡᠯ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ︔     2006.06—2008.08 ᠬᠠᠷᠠᠴᠢᠨ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ︔     2008.08—2010.01 ᠬᠠᠷᠠᠴᠢᠨ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ( ᠡᠨᠡᠬᠦ ᠬᠤᠭᠤᠴᠠᠭᠠᠨ ᠳᠤ 2008.11—2008.12 ᠰᠠᠷ᠎ᠠ ᠳᠤ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠱᠠᠩᠬᠠᠢ ᠶᠢᠨ ᠹᠦᠳᠠᠨ ᠶᠡᠭᠡ ᠰᠤᠷᠭᠠᠭᠤᠯᠢ ᠳᠤ ᠡᠷᠬᠢᠯᠡᠭᠰᠡᠨ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ ᠳᠤ ᠰᠤᠷᠤᠯᠴᠠᠪᠠ )︔     2010.01—2012.11 ᠬᠠᠷᠠᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ( ᠡᠨᠡᠬᠦ ᠬᠤᠭᠤᠴᠠᠭᠠᠨ ᠳᠤ 2012.03—2013.03 ᠪᠡᠭᠡᠵᠢᠩ ᠤᠨ ᠰᠢ ᠴᠧᠩ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠲᠦᠷ ᠴᠠᠭ ᠤᠨ ᠡᠷᠬᠢᠯᠡᠭᠴᠢ ᠶᠢᠨ ᠲᠤᠰᠠᠯᠠᠭᠴᠢ ᠎ ᠪᠠᠷ ᠠᠵᠢᠯᠯᠠᠪᠠ )︔     2012.11—2016.07 ᠤᠯᠠᠭᠠᠨᠬᠠᠳᠠ ᠬᠤᠲᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠣᠪᠴᠢᠶᠠᠨ ᠳᠡᠳ᠋ ᠳᠠᠷᠤᠭ᠎ᠠ︔     2016.07—2017.12 ᠪᠠᠭᠠᠷᠢᠨ ᠪᠠᠷᠠᠭᠤᠨ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ︔     2017.12—2021.07 ᠪᠠᠭᠠᠷᠢᠨ ᠪᠠᠷᠠᠭᠤᠨ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ︔     2021.07— ᠣᠲᠣ ᠪᠣᠯᠲᠠᠯ᠎ᠠ ᠪᠠᠭᠠᠷᠢᠨ ᠪᠠᠷᠠᠭᠤᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ