ᠨᠢᠭᠡ᠂ ᠦᠨᠳᠦᠰᠦᠨ ᠪᠠᠶᠢᠳᠠᠯ | ᠬᠠᠰᠮᠦ᠋ᠷᠡᠨ᠂ ᠡᠷᠡᠭᠲᠠᠢ᠂ ᠮᠤᠩᠭᠤᠯ ᠦᠨᠳᠦᠰᠦᠳᠡᠨ᠂ 1968 ᠣᠨ ᠤ 7 ᠰᠠᠷ᠎ᠠ ᠳᠤ ᠪᠠᠭᠠᠷᠢᠨ ᠪᠠᠷᠠᠭᠤᠨ ᠬᠤᠰᠢᠭᠤᠨ ᠳᠤ ᠲᠦᠷᠦᠵᠠᠢ᠃ ᠶᠡᠭᠡ | ᠰᠣᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠃ ᠦᠪᠦᠷ ᠮᠤᠩᠭᠤᠯ ᠤᠨ ᠲᠠᠷᠢᠶᠠᠯᠠᠩ ᠮᠠᠯ ᠠᠵᠦ ᠠᠬᠤᠢ ᠶᠢᠨ ᠳᠡᠭᠡᠳᠦ ᠰᠣᠷᠭᠠᠭᠤᠯᠢ ᠶᠢᠨ ᠮᠠᠯ ᠡᠮᠨᠡᠯᠭᠡ ᠶᠢᠨ | ᠲᠣᠰᠬᠠᠢ ᠮᠡᠷᠭᠡᠵᠢᠯ ᠠᠴᠠ ᠲᠡᠭᠦᠰᠪᠡ᠃ 1992 ᠤᠨ ᠤ 9 ᠰᠠᠷ᠎ᠠ ᠳᠤ ᠠᠵᠢᠯ ᠳᠤ ᠭᠠᠷᠪᠠ᠃ ᠣᠳᠥ ᠪᠠᠭᠠᠷᠢᠨ ᠪᠠᠷᠠᠭᠤᠨ ᠬᠤᠰᠢᠭᠤᠨ ᠤ ᠤᠯᠤᠰ ᠲᠦᠷᠦ ᠶᠢᠨ | ᠵᠦᠪᠯᠡᠯᠭᠡᠨ ᠤ ᠲᠡᠳ᠋ ᠲᠡᠷᠢᠬᠦᠯᠡᠭᠴᠢ ᠶᠢᠨ ᠲᠤᠰᠢᠶᠠᠯ ᠳᠤ ᠪᠤᠢ᠃ | ᠬᠤᠶᠠᠷ᠂ ᠠᠵᠢᠯ ᠤᠨ ᠥᠩᠭᠡᠷᠡᠯᠲᠡ | 1992.09—1996.10 ᠪᠠᠭᠠᠷᠢᠨ ᠪᠠᠷᠠᠭᠤᠨ ᠬᠤᠰᠢᠭᠤᠨ ᠤ ᠮᠠᠯ ᠠᠵᠥ ᠠᠬᠤᠢ ᠶᠢᠨ ᠲᠣᠪᠴᠢᠶᠠᠨ ᠤ ᠮᠠᠯ ᠡᠮᠨᠡᠯᠭᠡ ᠶᠢᠨ ᠦᠷᠲᠡᠭᠡᠨ ᠤ ᠮᠡᠷᠭᠡᠵᠢᠯᠲᠡᠨ᠂ | ᠦᠷᠳᠡᠭᠡᠨ ᠲᠡᠳ᠋ ᠳᠠᠷᠤᠭ᠎ᠠ︔ | 1996.10—1999.11 ᠪᠠᠭᠠᠷᠢᠨ ᠪᠠᠷᠠᠭᠤᠨ ᠬᠤᠰᠢᠭᠤᠨ ᠤ ᠴᠠᠭᠠᠨᠨᠠᠭᠤᠷ ᠰᠣᠮᠣᠨ ᠤ ᠠᠷᠠᠳ ᠤᠨ ᠵᠠᠰᠠᠭ ᠤᠨ ᠣᠷᠳᠣᠨ ᠤ ᠰᠢᠨᠵᠢᠯᠡᠬᠦ ᠮᠡᠷᠭᠡᠵᠢᠯ ᠤᠨ | ᠰᠣᠮᠣᠨ ᠲᠡᠳ᠋ ᠳᠠᠷᠤᠭ᠎ᠠ︔ | 1999.11—2001.11 ᠪᠠᠭᠠᠷᠢᠨ ᠪᠠᠷᠠᠭᠤᠨ ᠬᠤᠰᠢᠭᠤᠨ ᠤ ᠬᠤᠩᠭᠤᠷ ᠰᠣᠮᠣᠨ ᠤ ᠠᠷᠠᠳ ᠤᠨ ᠵᠠᠰᠠᠭ ᠤᠨ ᠣᠷᠳᠣᠨ ᠤ ᠲᠡᠳ᠋ ᠳᠠᠷᠤᠭ᠎ᠠ︔ | 2001.11—2004.01 ᠪᠠᠭᠠᠷᠢᠨ ᠪᠠᠷᠠᠭᠤᠨ ᠬᠤᠰᠢᠭᠤᠨ ᠤ ᠰᠢᠨᠵᠢᠯᠡᠬᠦ ᠣᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠶᠢᠨ ᠲᠡᠳ᠋ ᠳᠠᠷᠤᠭ᠎ᠠ ( ᠡᠨᠡᠬᠦ | ᠬᠤᠭᠤᠴᠠᠭᠠᠨ ᠳᠤ 2003.09—2003.12 ᠬᠤᠲᠠ ᠶᠢᠨ ᠨᠠᠮ ᠤᠨ ᠬᠤᠷᠢᠶ᠎ᠠ ᠶᠢᠨ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ ᠳᠤ | ᠰᠤᠷᠤᠯᠴᠠᠪᠠ )︔ | 2004.01—2012.11 ᠪᠠᠭᠠᠷᠢᠨ ᠪᠠᠷᠠᠭᠤᠨ ᠬᠤᠰᠢᠭᠤᠨ ᠤ ᠣᠯᠣᠰ ᠲᠦᠷᠦ ᠶᠢᠨ ᠵᠦᠪᠯᠡᠯᠬᠡᠨ ᠤ ᠲᠡᠳ᠋ ᠲᠡᠷᠢᠬᠦᠯᠡᠭᠴᠢ︔ | 2012.11—2017.12 ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠲᠡᠳ᠋ ᠡᠷᠬᠢᠯᠡᠭᠴᠢ︔ | 2017.12 — ᠤᠳᠤ ᠪᠤᠯᠲᠠᠯ᠎ᠠ ᠪᠠᠭᠠᠷᠢᠨ ᠪᠠᠷᠠᠭᠤᠨ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠬᠦᠯᠡᠭᠴᠢ ᠶᠢᠨ ᠲᠤᠰᠢᠶᠠᠯ ᠳᠤ ᠪᠤᠢ᠃ | ᠭᠤᠷᠪᠠ᠂ ᠠᠵᠢᠯ ᠤᠨ ᠬᠤᠪᠢᠶᠠᠷᠢᠯᠠᠯ | ᠲᠡᠷᠢᠭᠦᠯᠡᠭᠴᠢ ᠶᠢ ᠬᠠᠮᠵᠢᠨ ᠠᠵᠤ ᠠᠬᠤᠶ ᠰᠢᠨᠵᠢᠯᠡᠬᠦ ᠤᠬᠠᠭᠠᠨ ᠮᠡᠷᠭᠡᠵᠢᠯ ᠤᠨ ᠵᠥᠪᠯᠡᠯ ᠤᠨ ᠲᠠᠷᠢᠶᠠᠯᠠᠩ ᠮᠠᠯ ᠠᠵᠤ ᠠᠬᠤᠶ ᠶᠢᠨ ᠠᠵᠢᠯ ᠤᠨ ᠬᠡᠰᠡᠭ ᠢ | ᠬᠤᠪᠢᠳᠠᠨ ᠬᠠᠮᠢᠶᠠᠷᠤᠨ᠎ᠠ᠃ | ᠬᠠᠷᠢᠯᠴᠠᠬᠤ ᠨᠢ᠄ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠡᠯᠲᠡᠰ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ( ᠳ᠋ᠤᠸᠠᠨ ᠵᠢᠶᠤᠤ ᠦᠬᠡᠷ ᠤᠨ | ᠲᠠᠯᠠᠪᠠᠶ᠂ ᠦᠷ᠎ᠡ ᠶᠢᠨ ᠬᠤᠨᠢᠨ ᠲᠠᠯᠠᠪᠠᠢ ᠪᠠᠭᠲᠠᠨ᠎ᠠ )᠂ ᠤᠰᠤᠨ ᠠᠰᠢᠭᠯᠠᠯᠲᠠ ᠶᠢᠨ ᠲᠣᠪᠴᠢᠶ᠎ᠠ ( ᠡᠯ᠎ᠡ ᠤᠯᠤᠰ ᠤᠨ ᠦᠮᠴᠢᠯᠡᠯᠲᠦ ᠵᠢᠭᠠᠰᠤᠨ ᠲᠠᠯᠠᠪᠠᠢ ᠪᠠᠭᠲᠠᠨ᠎ᠠ | )᠂ ᠣᠶ ᠰᠢᠭᠤᠶ ᠶᠢᠨ ᠲᠣᠪᠴᠢᠶ᠎ᠠ ( ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠤᠯᠤᠰ ᠤᠨ ᠦᠮᠴᠢᠯᠡᠯᠲᠦ ᠤᠢ ᠰᠢᠭᠤᠶ ᠶᠢᠨ ᠲᠠᠯᠠᠪᠠᠢ᠂ | ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠬᠡᠷ ᠪᠠᠭᠲᠠᠨ᠎ᠠ )᠂ ᠰᠠᠶᠢᠬᠠᠨ ᠬᠠᠨ ᠠᠭᠤᠯᠠ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ | ᠲᠣᠪᠴᠢᠶ᠎ᠠ ( ᠰᠠᠶᠢᠬᠠᠨ ᠬᠠᠨ ᠠᠭᠤᠯᠠ ᠶᠢᠨ ᠮᠦᠽᠧᠶ ᠪᠠᠭᠲᠠᠨ᠎ᠠ )᠂ ᠤᠯᠤᠰ ᠤᠨ ᠴᠠᠬᠢᠯᠭᠠᠨ ᠲᠣᠤᠷ ᠤᠨ ᠪᠠᠭᠠᠷᠢᠨ ᠪᠠᠷᠠᠭᠤᠨ ᠬᠤᠰᠢᠭᠤᠨ ᠤ ᠴᠠᠬᠢᠯᠭᠠᠨ | ᠬᠠᠩᠭᠠᠬᠤ ᠺᠣᠮᠫᠠᠨᠢ᠂ ᠤᠳᠤᠬᠢᠴᠢᠯᠠᠯᠲᠠ ᠶᠢᠨ ᠠᠯᠪᠠᠨ ᠭᠡᠷ ( ᠰᠠᠶᠢᠨ ᠡᠭᠦᠯᠳᠡᠷ ᠤᠨ ᠲᠠᠯᠠᠪᠠᠶ᠂ ᠬᠤᠩ ᠸᠧᠶ ᠵᠢᠮᠢᠰ ᠤᠨ ᠬᠦᠷᠢᠶᠡᠯᠡᠩ᠂ ᠲᠠᠷᠢᠶᠠᠯᠠᠩ ᠤᠨ ᠰᠤᠳᠤᠯᠭᠠᠨ | ᠤ ᠭᠠᠵᠠᠷ ᠢ ᠪᠠᠭᠲᠠᠭᠠᠨ᠎ᠠ )᠂ ᠲᠠᠷᠢᠶᠠᠯᠠᠩ ᠤᠨ ᠮᠠᠰᠢᠨ ᠤ ᠮᠡᠷᠭᠡᠵᠢᠯ ᠤᠨ ᠦᠢᠯᠡᠴᠢᠯᠡᠭᠡᠨ ᠤ ᠲᠥᠪ᠂ ᠨᠤᠲᠤᠭ ᠪᠡᠯᠴᠢᠭᠡᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠶᠠᠳᠠᠭᠤ ᠶᠢ ᠲᠡᠳᠬᠦᠬᠦ ᠠᠯᠪᠠᠨ ᠬᠡᠷ᠂ ᠳᠠᠷᠠᠰᠤ ᠪᠤᠯᠤᠩ ᠤᠰᠤᠨ ᠴᠥᠭᠦᠷᠥᠮ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠯᠪᠠᠨ ᠬᠡᠷ᠂ | ᠡᠯ᠎ᠡ ᠲᠠᠷᠢᠶᠠᠯᠠᠩ ᠮᠠᠯ ᠠᠵᠤ ᠠᠬᠤᠶ ᠶᠢᠨ ᠠᠵᠤ ᠠᠬᠤᠢᠯᠠᠯ᠂ ᠴᠠᠭ ᠠᠭᠤᠷ ᠤᠨ ᠲᠣᠪᠴᠢᠶ᠎ᠠ᠂ ᠢᠲᠡᠭᠡᠮᠵᠢ ᠶᠢᠨ ᠬᠤᠯᠪᠣᠭᠠᠲᠤ ᠬᠤᠷᠰᠢᠶ᠎ᠠ᠂ ᠲᠠᠷᠢᠶᠠᠯᠠᠩ ᠤᠨ ᠪᠠᠩᠬᠢ | ᠶᠢᠨ ᠪᠠᠭᠠᠷᠢᠨ ᠪᠠᠷᠠᠭᠤᠨ ᠬᠤᠰᠢᠭᠤᠨ ᠤ ᠰᠠᠯᠪᠤᠷᠢ ᠪᠠᠩᠬᠢ᠂ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠭᠠᠷᠢᠨ ᠪᠠᠷᠠᠭᠤᠨ ᠬᠤᠰᠢᠭᠤᠨ ᠤ ᠰᠠᠯᠪᠤᠷᠢ ᠪᠠᠩᠬᠢ᠂ | ᠰᠢᠦᠳᠠᠨ ᠬᠠᠳᠠᠭᠠᠯᠠᠮᠵᠢ ᠶᠢᠨ ᠪᠠᠩᠬᠢ ᠶᠢᠨ ᠪᠠᠭᠠᠷᠢᠨ ᠪᠠᠷᠠᠭᠤᠨ ᠬᠤᠰᠢᠭᠤᠨ ᠤ ᠰᠠᠯᠪᠤᠷᠢ ᠪᠠᠩᠬᠢ᠂ ᠴᠠᠭᠠᠨᠨᠠᠭᠤᠷ ᠪᠠᠯᠭᠠᠰᠤ᠂ ᠰᠢᠷᠠᠮᠦ᠋ᠷᠡᠨ ᠰᠤᠮᠤ᠂ ᠳ᠋ᠠᠪᠠᠨ ᠪᠠᠯᠭᠠᠰᠤᠨ | ᠤ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠬᠠᠷᠢᠯᠴᠠᠬᠤ ᠪᠠ ᠵᠢᠯᠣᠭᠤᠳᠤᠨ᠎ᠠ᠃ |