ᠰᠠᠷᠠᠭᠤᠯ ᠨᠦᠬᠦᠷ ᠤᠨ ᠲᠤᠪᠴᠢ ᠨᠠᠮᠲᠠᠷ
ᠨᠡᠶᠢᠲᠡᠯᠡᠭᠰᠡᠨ ᠴᠠᠭ᠄
2021/9/6
    ᠨᠢᠭᠡ᠂ ᠦᠨᠳᠦᠰᠦᠨ ᠪᠠᠶᠢᠳᠠᠯ     ᠰᠠᠷᠠᠭᠤᠯ᠂ ᠡᠮᠡᠭᠲᠠᠢ᠂ ᠮᠤᠩᠭᠤᠯ ᠦᠨᠳᠦᠰᠦᠲᠡᠨ᠂ 1982 ᠤᠨ ᠤ 3 ᠰᠠᠷ᠎ᠠ ᠳᠤ ᠪᠠᠭᠠᠷᠢᠨ ᠪᠠᠷᠠᠭᠤᠨ ᠬᠤᠰᠢᠭᠤᠨ ᠳᠤ ᠲᠦᠷᠦᠵᠡᠢ᠃ ᠶᠡᠭᠡ ᠰᠤᠷᠭᠠᠭᠤᠯᠢ ᠶᠢᠨ ᠰᠤᠷᠤᠯᠭ᠎ᠠ  ᠶᠢᠨ ᠨᠠᠮᠲᠡᠷ ᠲᠠᠢ᠃ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠬᠦᠮᠦᠨ ᠰᠤᠶᠤᠯ ᠤᠨ ᠳᠡᠭᠡᠳᠦ ᠰᠤᠷᠭᠠᠭᠤᠯᠢ ᠶᠢᠨ ᠵᠠᠰᠠᠭ ᠵᠠᠬᠢᠷᠭᠠᠨ ᠤ ᠲᠤᠰᠬᠠᠢ ᠮᠡᠷᠭᠡᠵᠢᠯ ᠠᠴᠠ ᠲᠡᠭᠦᠰᠪᠡ᠃ 2000 ᠤᠨ ᠤ 12 ᠰᠠᠷ᠎ᠠ ᠳᠤ ᠠᠵᠢᠯ ᠳᠤ ᠭᠠᠷᠴᠦ᠂ ᠤᠳᠤ ᠪᠠᠭᠠᠷᠢᠨ ᠪᠠᠷᠠᠭᠤᠨ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠬᠦᠯᠡᠭᠴᠢ ᠶᠢᠨ ᠲᠤᠰᠢᠶᠡᠯ ᠳᠤ ᠪᠤᠢ᠃     ᠬᠤᠶᠠᠷ᠂ ᠠᠵᠢᠯ ᠤᠨ ᠦᠩᠭᠡᠷᠡᠯᠲᠡ     2000.12—2004.06 ᠪᠠᠭᠠᠷᠢᠨ ᠪᠠᠷᠠᠭᠤᠨ ᠬᠤᠰᠢᠭᠤᠨ ᠤ ᠪᠠᠶᠠᠨᠲᠠᠯ᠎ᠠ ᠰᠤᠮᠤᠨ ᠤ ᠡᠮᠡᠭᠲᠠᠶᠢᠴᠦᠳ ᠤᠨ ᠬᠤᠯᠪᠤᠭᠠᠳᠤ ᠬᠤᠷᠠᠯ ᠤᠨ ᠲᠡᠷᠢᠬᠦᠯᠡᠭᠴᠢ︔     2004.06—2006.05  ᠪᠠᠭᠠᠷᠢᠨ ᠪᠠᠷᠠᠭᠤᠨ ᠬᠤᠰᠢᠭᠤᠨ ᠤ ᠡᠮᠡᠭᠲᠠᠶᠢᠴᠦᠳ ᠤᠨ ᠬᠤᠯᠪᠤᠭᠠᠳᠤ ᠬᠤᠷᠠᠯ ᠤᠨ ᠲᠡᠳ᠋ ᠲᠡᠷᠢᠬᠦᠯᠡᠭᠴᠢ︔     2006.05—2007.12 ᠪᠠᠭᠠᠷᠢᠨ ᠪᠠᠷᠠᠭᠤᠨ ᠬᠤᠰᠢᠭᠤᠨ ᠤ ᠡᠮᠡᠭᠲᠡᠶᠢᠴᠦᠳ ᠤᠨ ᠬᠤᠯᠪᠤᠭᠠᠳᠤ ᠬᠤᠷᠠᠯ ᠤᠨ ᠲᠡᠳ᠋ ᠲᠡᠷᠢᠬᠦᠯᠡᠭᠴᠢ ᠵᠢᠴᠢ ᠴᠠᠭᠠᠨᠮᠦ᠋ᠷᠡᠨ ᠪᠠᠯᠭᠠᠰᠤ ᠶᠢᠨ ᠵᠠᠰᠠᠭ ᠤᠨ ᠤᠷᠳᠤᠨ ᠤ ᠲᠡᠳ᠋ ᠳᠠᠷᠤᠭ᠎ᠠ︔     2007.12—2009.04 ᠪᠠᠭᠠᠷᠢᠨ ᠪᠠᠷᠠᠭᠤᠨ ᠬᠤᠰᠢᠭᠤᠨ ᠤ ᠴᠠᠭᠠᠨᠮᠦ᠋ᠷᠡᠨ ᠪᠠᠯᠭᠠᠰᠤ ᠶᠢᠨ ᠵᠠᠰᠠᠭ ᠤᠨ ᠤᠷᠳᠤᠨ ᠤ ᠲᠡᠳ᠋ ᠳᠠᠷᠤᠭ᠎ᠠ︔     2009.04—2012.04 ᠡᠪ ᠬᠠᠮᠲᠦ ᠵᠠᠯᠠᠭᠤᠴᠤᠳ ᠤᠨ ᠡᠪᠯᠡᠯ ᠤᠨ ᠪᠠᠭᠠᠷᠢᠨ ᠪᠠᠷᠠᠭᠤᠨ ᠬᠤᠰᠢᠭᠤᠨ ᠤ ᠬᠤᠷᠢᠶ᠎ᠠ ᠶᠢᠨ ᠱᠦᠵᠢ︔     2012.04—2015.04 ᠪᠠᠭᠠᠷᠢᠨ ᠪᠠᠷᠠᠭᠤᠨ ᠬᠤᠰᠢᠭᠤᠨ ᠤ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠦᠢᠯᠡᠴᠢᠯᠡᠭᠡᠨ ᠤ ᠲᠦᠪ ᠤᠨ ᠡᠷᠬᠢᠯᠡᠭᠴᠢ ᠵᠢᠴᠢ ᠵᠠᠰᠠᠭ ᠤᠨ ᠤᠷᠳᠤᠨ ᠤ ᠠᠯᠪᠠᠨ ᠭᠡᠷ ᠤᠨ ᠲᠡᠳ᠋ ᠡᠷᠬᠢᠯᠡᠭᠴᠢ ︵2012.01—2013.01 ᠡᠨᠡᠬᠦ ᠬᠤᠭᠤᠴᠠᠭᠠᠨ ᠳᠤ ᠪᠡᠭᠡᠵᠢᠩ ᠬᠤᠲᠠ ᠶᠢᠨ ᠮᠢ ᠶᠦᠨ ᠲᠤᠭᠤᠷᠢᠭ ᠤᠨ ᠮᠤ᠋ ᠵᠢᠶᠠ ᠢᠦᠢ ᠪᠠᠯᠭᠠᠰᠤ ᠶᠢᠨ ᠵᠠᠰᠠᠭ ᠤᠨ ᠤᠷᠳᠤᠨ ᠳᠤ ᠲᠤᠰᠢᠶᠠᠯ ᠡᠭᠦᠷᠭᠡᠯᠡᠪᠡ︶︔     2015.04—2017.12 ᠪᠠᠭᠠᠷᠢᠨ ᠪᠠᠷᠠᠭᠤᠨ ᠬᠤᠰᠢᠭᠤᠨ ᠤ ᠰᠠᠶᠢᠬᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ︔     2017.12—ᠤᠳᠤ ᠪᠤᠯᠲᠠᠯ᠎ᠠ ᠪᠠᠭᠠᠷᠢᠨ ᠪᠠᠷᠠᠭᠤᠨ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠬᠦᠯᠡᠭᠴᠢ᠃     ᠭᠤᠷᠪᠠ᠂ ᠠᠵᠢᠯ ᠤᠨ ᠬᠤᠪᠢᠶᠠᠷᠢᠯᠠᠯ     ᠲᠡᠷᠢᠭᠦᠯᠡᠭᠴᠢ ᠶᠢ ᠬᠠᠮᠵᠢᠨ ᠰᠣᠶᠣᠯ ᠲᠡᠦᠬᠡ ᠶᠢᠨ ᠮᠠᠲ᠋ᠧᠷᠢᠶᠠᠯ ᠦᠨᠳᠦᠰᠦᠲᠡᠨ ᠱᠠᠰᠢᠨ ᠰᠤᠷᠲᠠᠬᠤᠨ ᠤ ᠵᠥᠪᠯᠡᠯ ᠪᠠ ᠰᠣᠶᠣᠯ ᠰᠤᠷᠭᠠᠨ ᠬᠥᠮᠦᠵᠢᠯ ᠡᠷᠡᠭᠦᠯ ᠬᠠᠮᠠᠭᠠᠯᠠᠯ ᠪᠡᠶ᠎ᠡ ᠶᠢᠨ ᠲᠠᠮᠢᠷ ᠤᠨ ᠵᠥᠪᠯᠡᠯ ᠤᠨ ᠠᠵᠢᠯ ᠢ ᠬᠤᠪᠢᠳᠠᠨ ᠬᠠᠮᠢᠶᠠᠷᠤᠨ᠎ᠠ᠃     ᠬᠠᠷᠢᠯᠴᠠᠬᠤ ᠨᠢ᠄ ᠰᠤᠷᠭᠠᠨ ᠬᠥᠮᠦᠵᠢᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠪᠠ ᠲᠥᠯᠥᠪᠯᠡᠭᠡᠲᠦ ᠦᠷᠡᠵᠢᠯ ᠤᠨ ᠲᠣᠪᠴᠢᠶ᠎ᠠ᠂ ᠦᠨᠳᠦᠰᠦᠲᠡᠨ ᠱᠠᠰᠢᠨ ᠰᠤᠷᠲᠠᠬᠤᠨ ᠤ ᠬᠡᠷᠡᠭ ᠡᠷᠭᠢᠯᠡᠬᠦ ᠲᠣᠪᠴᠢᠶ᠎ᠠ᠂ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠭᠠᠵᠠᠷ᠂ ᠬᠢᠵᠢᠭ ᠢ ᠰᠡᠷᠭᠡᠶᠢᠯᠡᠬᠦ ᠲᠥᠪ᠂ ᠰᠣᠶᠣᠯ ᠷᠠᠳᠢᠣ᠋ ᠺᠢᠨᠣ᠋ ᠲᠧᠯᠸᠢᠰ ᠪᠡᠶ᠎ᠡ ᠶᠢᠨ ᠲᠠᠮᠢᠷ ᠤᠨ ᠲᠣᠪᠴᠢᠶ᠎ᠠ ( ᠲᠡᠦᠬᠡ ᠶᠢᠨ ᠮᠦᠽᠧᠶ᠂ ᠠᠷᠠᠳ ᠤᠨ ᠵᠠᠩ ᠦᠢᠯᠡ ᠶᠢᠨ ᠮᠦᠽᠧᠶ᠂ ᠭᠡᠰᠡᠷ ᠤᠨ ᠠᠵᠢᠯ ᠤᠨ ᠠᠯᠪᠠᠨ ᠬᠡᠷ ᠪᠠᠭᠲᠠᠨ᠎ᠠ )᠂ ᠷᠠᠳᠢᠣ᠋ ᠲᠧᠯᠸᠢᠰ ᠤᠨ ᠦᠢᠯᠡᠴᠢᠯᠡᠭᠡᠨ ᠤ ᠲᠥᠪ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠤᠭᠠᠲᠦ ᠬᠤᠷᠠᠯ᠂ ᠠᠵᠢᠯᠴᠢᠨ ᠤ ᠡᠪᠯᠡᠯ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠰᠢᠨᠵᠢᠯᠡᠭᠡ ᠲᠧᠭᠨᠢᠭ ᠤᠨ ᠨᠡᠶᠢᠭᠡᠮᠯᠢᠭ᠂ ᠤᠳᠬ᠎ᠠ ᠤᠷᠠᠯᠢᠭ ᠎ ᠤᠨ ᠬᠢᠨ ᠤ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠡᠯ᠎ᠡ ᠰᠤᠷᠭᠠᠭᠤᠯᠢ᠂ ᠡᠯ᠎ᠡ ᠡᠮᠨᠡᠯᠭᠡ᠂ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠺᠣᠮᠢᠰ ᠂ C118 ᠪᠢᠴᠢᠯ ᠳᠣᠯᠭᠢᠶᠠᠨ ᠤ ᠥᠷᠲᠡᠭᠡ᠂ 805 ᠳᠠᠮᠵᠢᠭᠤᠯᠤᠨ ᠨᠡᠪᠲᠡᠷᠡᠭᠦᠯᠬᠦ ᠲᠠᠪᠴᠠᠩ᠂ ᠷᠠᠳᠢᠣ᠋ ᠲᠧᠯᠸᠢᠰ ᠤᠨ ᠰᠦᠯᠵᠢᠶᠡᠨ ᠤ ᠺᠣᠮᠫᠠᠨᠢ᠂ ᠰᠢᠨᠬᠤᠸᠠ ᠨᠣᠮ ᠎ ᠤᠨ ᠳᠡᠯᠭᠡᠭᠦᠷ᠂ ᠴᠠᠭᠠᠨᠮᠦ᠋ᠷᠡᠨ ᠰᠤᠮᠤ᠂ ᠪᠠᠶᠠᠨᠬᠤᠱᠢᠭᠤ ᠪᠠᠯᠭᠠᠰᠤ᠂ ᠰᠤᠪᠤᠷᠭ᠎ᠠ ᠪᠠᠯᠭᠠᠰᠤᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠬᠠᠷᠢᠯᠴᠠᠬᠤ ᠪᠠ ᠵᠢᠯᠣᠭᠤᠳᠤᠨ᠎ᠠ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ