︵ᠵᠢᠷᠭᠤᠭ᠎ᠠ︶ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠪᠠᠷ ᠭᠤᠣᠯᠯᠠᠭᠤᠯᠵᠤ᠂ ᠠᠷᠠᠳ | ᠲᠦᠮᠡᠨ ᠳᠤ ᠲᠠᠭᠠᠰᠢᠶᠠᠭᠳᠠᠭᠰᠠᠨ ᠵᠠᠰᠠᠭ ᠤᠨ ᠣᠷᠳᠣᠨ ᠢ ᠪᠠᠶᠢᠭᠤᠯᠤᠨ᠎ᠠ | ᠰᠢᠨ᠎ᠡ ᠴᠠᠭ ᠦᠶ᠎ᠡ ᠠᠴᠠ ᠰᠢᠨ᠎ᠡ ᠡᠭᠦᠷᠭᠡ ᠳᠠᠭᠠᠭᠠᠯᠭᠠᠵᠤ᠂ ᠰᠢᠨ᠎ᠡ ᠨᠢᠭᠡ ᠬᠤᠭᠤᠴᠠᠭᠠᠨ ᠤ ᠵᠠᠰᠠᠭ ᠤᠨ | ᠣᠷᠳᠣᠨ ᠨᠢ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠶᠣᠰᠣᠲᠠᠢ᠃ ᠪᠢᠳᠡ ᠴᠥᠬᠦᠷᠡᠰᠢ ᠥᠬᠡᠶ ᠲᠡᠮᠡᠴᠡᠬᠦ ᠬᠠᠲᠠᠭᠤ | ᠵᠣᠷᠢᠭ ᠢᠶᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠴᠢᠳᠠᠮᠠᠭᠠᠶ ᠢᠶᠠᠷ ᠬᠦᠴᠢᠷ ᠢ | ᠳᠤᠭᠤᠯᠤᠨ ᠪᠡᠷᠬᠡ ᠶᠢ ᠳᠠᠪᠠᠵᠤ᠂ ᠲᠣᠰ ᠬᠤᠭᠤᠴᠠᠭᠠᠨ ᠤ ᠵᠠᠰᠠᠭ ᠤᠨ ᠣᠷᠳᠣᠨ ᠤ ᠡᠭᠦᠷᠭᠡ ᠲᠤᠰᠢᠶᠠᠯ ᠢᠶᠠᠨ | ᠭᠦᠶᠴᠡᠳᠬᠡᠬᠦ ᠶᠢ ᠰᠠᠶᠢᠨ ᠢᠶᠠᠷ ᠡᠬᠢᠯᠡᠭᠦᠯᠦᠨ᠎ᠡ᠃ | ᠪᠢᠳᠡ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠤᠯᠤᠰ ᠲᠥᠷᠥ ᠶᠢᠨ ᠮᠥᠨ ᠴᠢᠨᠠᠷ ᠪᠣᠯᠭᠠᠬᠤ ᠬᠡᠷᠡᠭᠲᠡᠶ᠃ | ᠤᠯᠤᠰ ᠲᠥᠷᠥ ᠶᠢᠨ ᠪᠠᠶᠢᠭᠤᠯᠤᠯᠲᠠ ᠶᠢ ᠡᠷᠬᠡᠪᠰᠢ ᠲᠡᠷᠢᠭᠦᠨ ᠪᠠᠶᠢᠷᠢᠨ ᠳᠤ ᠲᠠᠯᠪᠢᠵᠤ᠂ ᠨᠠᠮ ᠤᠨ ᠤᠳᠤᠷᠢᠳᠤᠯᠭ᠎ᠠ | ᠶᠢ ᠠᠵᠢᠯ ᠤᠨ ᠪᠥᠬᠦ ᠶᠠᠪᠤᠴᠠ ᠳᠤ ᠲᠤᠭᠤᠰᠢᠯᠠᠭᠤᠯᠤᠨ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ | ᠳᠥᠷᠪᠡᠨ ᠢᠲᠡᠭᠡᠯ︾ ᠢᠶᠠᠨ ᠪᠠᠲᠤᠳᠬᠠᠨ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠬᠠᠮᠠᠭᠠᠯᠠᠬᠤ︾ ᠶᠢ | ᠦᠶᠯᠡᠳᠦᠯᠭᠡᠵᠢᠭᠦᠯᠵᠦ᠂ ᠢᠮᠠᠭᠲᠠ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ | ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠬᠤ ᠬᠡᠷᠡᠭᠲᠡᠶ᠃ | ᠪᠢᠳᠡ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠦᠨᠳᠦᠰᠦᠨ ᠵᠢᠷᠤᠮᠯᠠᠯ ᠪᠣᠯᠭᠠᠬᠤ ᠬᠡᠷᠡᠭᠲᠡᠢ᠃ ᠬᠠᠤᠯᠢ | ᠴᠠᠭᠠᠵᠠ ᠠᠴᠠ ᠡᠷᠬᠡ ᠣᠯᠭᠤᠭᠰᠠᠨ ᠦᠭᠡᠢ ᠪᠣᠯ ᠬᠢᠵᠦ ᠦᠯᠦ ᠪᠣᠯᠬᠤ᠂ ᠬᠠᠤᠯᠢ ᠪᠠᠷ ᠲᠣᠭᠲᠠᠭᠠᠭᠰᠠᠨ ᠲᠤᠰᠢᠶᠠᠯ | ᠬᠠᠷᠢᠭᠤᠴᠠᠯᠭ᠎ᠠ ᠶᠢ ᠡᠷᠬᠡᠪᠰᠢ ᠭᠦᠢᠴᠡᠳᠬᠡᠬᠦ ᠵᠠᠷᠴᠢᠮ ᠢ ᠪᠠᠷᠢᠮᠲᠠᠯᠠᠵᠤ᠂ ᠨᠠᠢᠮᠠᠳᠤᠭᠠᠷ ᠲᠠᠪᠤᠨ ᠵᠢᠯ ᠤᠨ ᠬᠠᠤᠯᠢ | ᠲᠦᠭᠡᠮᠡᠯᠵᠢᠭᠦᠯᠬᠦ ᠠᠵᠢᠯ ᠢ ᠭᠦᠨᠵᠡᠭᠡᠢ ᠥᠷᠨᠢᠭᠦᠯᠵᠦ᠂ ᠵᠠᠰᠠᠭ ᠤᠨ ᠣᠷᠳᠣᠨ ᠤ ᠵᠠᠰᠠᠭ ᠶᠠᠪᠤᠭᠤᠯᠬᠤ ᠪᠦᠬᠦ ᠶᠠᠪᠤᠴᠠ | ᠳᠤ ᠬᠠᠤᠯᠢ ᠶᠣᠰᠣᠭᠠᠷ ᠵᠠᠰᠠᠬᠤ ᠰᠢᠰᠲ᠋ᠧᠮ ᠢ ᠬᠦᠴᠦᠯᠡᠨ ᠪᠠᠶᠢᠭᠤᠯᠵᠤ᠂ ᠵᠠᠰᠠᠭ ᠤᠨ ᠣᠷᠳᠣᠨ ᠰᠢᠢᠳᠪᠦᠷᠢᠲᠦ | ᠪᠤᠳᠤᠯᠭ᠎ᠠ ᠲᠣᠭᠲᠠᠭᠠᠬᠤ ᠳᠤ ᠪᠠᠨ ᠤᠯᠠᠨ ᠲᠦᠮᠡᠨ ᠲᠠᠢ ︽ᠨᠢᠭᠤᠷᠳᠠᠬᠤ︾᠂ ᠠᠷᠠᠳ ᠤᠨ ᠲᠥᠯᠥᠭᠡ ᠠᠵᠢᠯ | ᠶᠠᠪᠤᠳᠠᠯ ᠪᠦᠲᠦᠭᠡᠬᠦ ᠳᠤ ︽ᠦᠨᠡᠨ ᠪᠣᠳᠠᠲᠠᠢ︾ ᠪᠠᠶᠢᠬᠤ᠂ ᠪᠤᠷᠤᠭᠤ ᠪᠠᠶᠢᠪᠠᠯ ᠵᠠᠪᠠᠯ ᠵᠠᠯᠠᠷᠠᠭᠤᠯᠵᠤ ︽ | ᠬᠠᠲᠠᠭᠤ ᠠᠴᠠ ᠬᠠᠯᠢᠷᠠᠬᠤ ᠦᠭᠡᠢ︾ ᠰᠢᠢᠳᠪᠦᠷᠢᠯᠡᠬᠦ ᠪᠠᠷ ᠴᠢᠷᠮᠠᠶᠢᠬᠤ ᠬᠡᠷᠡᠭᠲᠠᠢ᠃ ᠵᠠᠰᠠᠭ ᠵᠠᠬᠢᠷᠭᠠᠨ ᠤ ᠬᠢᠨᠠᠨ | ᠪᠠᠶᠢᠴᠠᠭᠠᠬᠤ ᠪᠠ ᠬᠢᠨᠠᠨ ᠪᠤᠳᠤᠬᠤ ᠬᠢᠨᠠᠯᠲᠠ ᠶᠢ ᠦᠷᠭᠦᠯᠵᠢᠯᠡᠨ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ | ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠪᠠ ᠤᠯᠤᠰ ᠲᠥᠷᠦ ᠶᠢᠨ ᠵᠥᠪᠯᠡᠯᠭᠡᠨ ᠤ ᠠᠷᠠᠳᠴᠢᠯᠠᠯ ᠤᠨ | ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ | ᠶᠢ ᠰᠢᠢᠳᠪᠦᠷᠢᠯᠡᠬᠦ ᠠᠵᠢᠯ ᠢ ᠴᠢᠨᠠᠷ ᠰᠠᠶᠢᠲᠠᠢ ᠪᠡᠶᠡᠯᠡᠭᠦᠯᠦᠨ᠎ᠡ᠃ | ᠪᠢᠳᠡ ᠠᠷᠠᠳ ᠤᠨ ᠲᠥᠯᠥᠭᠡ ᠪᠣᠳᠠᠲᠠᠢ ᠶᠢ ᠡᠷᠬᠢᠮᠯᠡᠬᠦ ᠶᠢ ᠠᠵᠢᠯ ᠤᠨ ᠢᠶᠠᠨ ᠵᠣᠷᠢᠯᠲᠠ ᠪᠣᠯᠭᠠᠬᠤ ᠬᠡᠷᠡᠭᠲᠡᠢ᠃ | ᠪᠣᠳᠠᠲᠠᠢ ᠠᠵᠢᠯ ᠬᠢᠬᠦ ᠶᠢ ᠲᠡᠷᠢᠭᠦᠨ ᠳᠤ ᠲᠠᠯᠪᠢᠬᠤ ᠪᠠ ᠠᠷᠠᠳ ᠤᠨ ᠲᠥᠯᠥᠭᠡ ᠪᠣᠳᠠᠲᠠᠢ ᠶᠢ ᠡᠷᠬᠢᠮᠯᠡᠬᠦ ᠶᠢ | ᠪᠠᠷᠢᠮᠲᠠᠯᠠᠨ᠂ ᠦᠨᠡᠨ ᠢ ᠬᠡᠯᠡᠬᠦ᠂ ᠪᠣᠳᠠᠳᠤ ᠠᠵᠢᠯ ᠬᠢᠬᠦ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ | ᠬᠠᠷᠢᠭᠤᠴᠠᠯᠭᠠᠲᠠᠢ ᠦᠨᠡᠨᠴᠢ ᠪᠣᠳᠠᠲᠠᠢ ᠠᠵᠢᠯᠯᠠᠬᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠬᠦᠴᠢᠷ | ᠠᠰᠠᠭᠤᠳᠠᠯ ᠢ ᠰᠢᠢᠳᠪᠦᠷᠢᠯᠡᠬᠦ᠂ ᠲᠦᠪ ᠶᠣᠰᠣᠨ ᠤ ᠦᠯᠢᠭᠡᠷ ᠳᠠᠭᠤᠷᠢᠶᠠᠯ ᠪᠣᠯᠬᠤ ᠰᠢᠯᠭᠠᠷᠠᠭᠰᠠᠨ ᠴᠢᠳᠠᠪᠤᠷᠢ ᠶᠢ | ᠪᠣᠯᠪᠠᠰᠤᠷᠠᠭᠤᠯᠤᠨ᠎ᠠ᠃ ᠣᠯᠠᠨ ᠲᠦᠮᠡᠨ ᠤ ᠠᠰᠢᠭ ᠲᠤᠰᠠ ᠳᠤ ᠬᠤᠯᠪᠣᠭᠳᠠᠭᠰᠠᠨ ︽ᠲᠡᠷᠢᠭᠦᠨ ᠴᠢᠬᠤᠯᠠ ᠶᠡᠭᠡ | ᠶᠠᠪᠤᠳᠠᠯ︾ ᠪᠠ ᠣᠯᠠᠨ ᠲᠦᠮᠡᠨ ᠤ ᠡᠳᠦᠷ ᠲᠤᠲᠤᠮ ᠤᠨ ᠠᠮᠢᠳᠤᠷᠠᠯ ᠢ ᠨᠥᠯᠥᠭᠡᠯᠡᠭᠰᠡᠨ ︽ᠵᠠᠩᠭᠢᠯᠠᠭ᠎ᠠ ᠶᠢᠨ ᠪᠠᠭ᠎ᠠ | ᠶᠠᠪᠤᠳᠠᠯ︾ ᠭᠡᠰᠡᠨ ᠥᠬᠡᠶ ᠴᠥᠮ ᠰᠡᠳᠬᠢᠯ ᠳᠡᠯᠪᠢᠨ ᠬᠦᠴᠦ ᠣᠷᠣᠭᠤᠯᠤᠨ ᠰᠠᠶᠢᠲᠤᠷ ᠰᠢᠶᠳᠪᠦᠷᠢᠯᠡᠵᠦ᠂ ᠵᠠᠰᠠᠭ | ᠤᠨ ᠣᠷᠳᠣᠨ ᠤ ︽ᠵᠦᠳᠡᠭᠦᠷᠢ ᠶᠢᠨ ᠢᠯᠡᠳᠬᠡᠯ ᠲᠤᠭ᠎ᠠ︾ ᠪᠠᠷ ᠪᠥᠬᠦ ᠬᠤᠰᠢᠭᠤᠨ ᠤ ︽ᠬᠥᠭᠵᠢᠯᠲᠡ ᠶᠢᠨ | ᠢᠯᠡᠳᠬᠡᠯ ᠲᠤᠭ᠎ᠠ︾᠂ ᠣᠯᠠᠨ ᠲᠦᠮᠡᠨ ᠤ ︽ᠵᠣᠯ ᠵᠢᠷᠭᠠᠯ ᠤᠨ ᠢᠯᠡᠳᠬᠡᠯ ᠲᠤᠭ᠎ᠠ︾ ᠶᠢ ᠰᠣᠯᠢᠵᠤ ᠠᠪᠴᠢᠷᠠᠨ᠂ | ᠣᠪᠣᠷ ᠢᠶᠠᠨ ᠢᠯᠡᠳᠬᠡᠬᠦ ᠨᠢ ᠣᠯᠠᠨ᠂ ᠬᠡᠯᠡᠬᠦ ᠨᠢ ᠬᠢᠬᠦ ᠠᠴᠠ ᠪᠠᠨ ᠣᠯᠠᠨ᠂ ᠨᠠᠶᠢᠳᠠᠪᠤᠷᠢᠵᠢᠭᠤᠯᠤᠯᠲᠠ ᠪᠠᠷ ᠠᠨᠠᠶ | ᠪᠠᠶᠢᠳᠠᠭ ᠦᠵᠡᠭᠳᠡᠯ ᠢ ᠡᠷᠡᠰ ᠡᠰᠡᠷᠭᠦᠴᠡᠵᠦ᠂ ︽ᠯᠠᠷᠵᠢᠶ᠎ᠠ ᠶᠠᠩᠪᠠ ᠲᠠᠲᠠᠬᠤ︾᠂ ︽ᠬᠤᠳᠠᠯ ᠦᠭᠡ ᠶᠡᠭᠡ ᠦᠭᠡ | ᠬᠤᠭᠤᠰᠣᠨ ᠦᠭᠡ ᠬᠡᠯᠡᠬᠦ︾ ᠶᠢ ᠲᠡᠪᠴᠢᠨ᠂ ᠲᠣᠭᠲᠠᠭᠠᠭᠰᠠᠨ ᠬᠠᠷᠠᠯᠲᠠ᠂ ᠨᠡᠶᠢᠲᠡᠯᠡᠭᠰᠡᠨ ᠲᠥᠷᠥ ᠶᠢᠨ ᠪᠣᠳᠣᠯᠭ᠎ᠠ᠂ | ᠪᠠᠶᠢᠷᠢᠯᠠᠭᠤᠯᠤᠭᠰᠠᠨ ᠡᠭᠦᠷᠭᠡ ᠶᠢ ᠪᠣᠳᠠᠲᠠᠶ ᠨᠠᠶᠢᠳᠠᠪᠤᠷᠢᠵᠢᠭᠤᠯᠵᠤ᠂ ᠦᠷ᠎ᠡ ᠠᠰᠢᠭ ᠭᠠᠷᠭᠠᠬᠤ ᠬᠡᠷᠡᠭᠲᠠᠢ᠃ | ᠪᠢᠳᠡ ᠠᠷᠢᠭᠤᠨ ᠴᠢᠬᠡᠴᠢ ᠲᠦᠪ ᠭᠤᠣᠯᠴᠢ ᠶᠢ ᠲᠥᠷᠥ ᠪᠠᠷᠢᠬᠤ ᠰᠠᠬᠢᠯᠭ᠎ᠠ ᠪᠣᠯᠭᠠᠬᠤ ᠬᠡᠷᠡᠭᠲᠡᠶ᠃ ᠠᠷᠢᠭᠤᠨ | ᠴᠢᠬᠡᠴᠢ ᠪᠠᠶᠢᠬᠤ ᠪᠣᠯ ᠬᠠᠮᠤᠭ ᠤᠨ ᠰᠠᠶᠢᠨ ︽ᠠᠮᠢᠨ ᠰᠠᠬᠢᠶ᠎ᠠ︾ ᠭᠡᠳᠡᠭ ᠰᠡᠳᠬᠢᠬᠦᠶ ᠶᠢ ᠪᠠᠲᠤ ᠪᠠᠬᠢ ᠪᠣᠶ ᠪᠣᠯᠭᠠᠵᠤ | ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠶᠢ ᠢᠮᠠᠭᠲᠠ ᠪᠠᠷᠢᠮᠲᠠᠯᠠᠨ᠂ ︽ᠳᠥᠷᠪᠡᠨ ᠰᠤᠷᠲᠠᠯ︾ ᠢ | ᠴᠥᠬᠦᠷᠡᠰᠢ ᠥᠬᠡᠶ ᠵᠠᠯᠠᠷᠠᠭᠤᠯᠵᠤ᠂ ᠵᠠᠰᠠᠭ ᠤᠨ ᠠᠵᠢᠯ ᠳᠤ ᠬᠤᠶᠢᠷᠭᠤᠰᠢᠬᠤ᠂ ᠰᠢᠯᠲᠠᠵᠤ ᠬᠠᠷᠢᠭᠤᠴᠠᠯᠭ᠎ᠠ ᠪᠠᠨ | ᠲᠦᠯᠬᠢᠯᠴᠡᠬᠦ᠂ ᠨᠠᠶᠢᠳᠠᠪᠤᠷᠢᠵᠢᠭᠤᠯᠤᠯᠲᠠ ᠰᠤᠯᠠ ᠪᠠᠶᠢᠬᠤ ᠵᠡᠷᠭᠡ ᠦᠶᠯᠡ ᠠᠵᠢᠯᠯᠠᠭ᠎ᠠ ᠶᠢ ᠡᠷᠡᠰ ᠵᠠᠯᠬᠠᠭᠠᠨ | ᠰᠢᠳᠬᠡᠨ᠎ᠡ᠃ ︽ᠠᠷᠪᠢᠴᠢ ᠭᠠᠮᠲᠠᠢ ᠠᠮᠢᠳᠤᠷᠠᠬᠤ︾ ᠦᠵᠡᠯ ᠰᠠᠨᠠᠭ᠎ᠠ ᠶᠢ ᠪᠤᠢ ᠪᠣᠯᠭᠠᠵᠤ᠂ ᠡᠳ᠋ ᠤᠨ ᠵᠠᠰᠠᠭ ᠤᠨ | ᠠᠵᠢᠯ ᠤᠨ ᠦᠷ᠎ᠡ ᠪᠦᠲᠦᠮᠵᠢ ᠶᠢ ᠴᠢᠩᠭᠠᠳᠬᠠᠨ᠂ ᠪᠣᠳᠠᠲᠠᠢ ᠠᠵᠢᠯ ᠢ ᠢᠯᠡᠭᠦᠬᠡᠨ ᠬᠢᠵᠦ᠂ ᠬᠡᠶᠢᠰᠪᠦᠷᠢ ᠠᠵᠢᠯ ᠢ | ᠳᠤᠲᠠᠭᠤ ᠬᠢᠵᠦ᠂ ᠪᠦᠲᠦᠮᠵᠢ ᠦᠭᠡᠢ ᠵᠠᠷᠤᠯᠭ᠎ᠠ ᠶᠢ ᠡᠷᠡᠰ ᠦᠭᠡᠶᠢᠰᠬᠡᠨ᠂ ᠬᠢᠵᠠᠭᠠᠷ ᠲᠠᠢ ᠪᠡᠯᠡ ᠮᠥᠩᠭᠦ ᠶᠢ | ᠬᠥᠭᠵᠢᠯᠲᠡ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠡᠭᠡᠷ᠎ᠡ ᠬᠡᠷᠡᠭᠯᠡᠨ᠎ᠡ᠃ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠂ ᠭᠠᠵᠠᠷ ᠰᠢᠷᠣᠶ ᠶᠢ ᠰᠢᠯᠵᠢᠭᠦᠯᠦᠨ | ᠬᠤᠳᠠᠯᠳᠤᠬᠤ᠂ ᠵᠠᠰᠠᠭ ᠤᠨ ᠣᠷᠳᠣᠨ ᠬᠤᠳᠠᠯᠳᠤᠨ ᠠᠪᠬᠤ ᠵᠡᠷᠭᠡ ᠭᠤᠣᠯᠳᠠᠯᠭ᠎ᠠ ᠲᠠᠢ ᠬᠦᠷᠢᠶ᠎ᠡ ᠪᠣᠯᠤᠨ ᠵᠠᠩᠭᠢᠯᠠᠭ᠎ᠠ | ᠶᠢᠨ ᠲᠠᠯ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠣᠯᠠᠨ ᠲᠦᠮᠡᠨ ᠤ ᠳᠡᠷᠭᠡᠳᠡ ᠭᠠᠷᠤᠭᠰᠠᠨ ᠢᠯᠵᠠᠷᠠᠮᠠᠯ | ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠶᠳᠪᠦᠷᠢᠯᠡᠵᠦ᠂ ᠠᠷᠠᠳ ᠣᠯᠠᠨ ᠤ ᠬᠠᠤᠯᠢ ᠶᠣᠰᠣᠨ ᠤ ᠡᠷᠬᠡ | ᠠᠰᠢᠭ ᠢ ᠬᠦᠴᠦᠲᠡᠢ ᠬᠠᠮᠠᠭᠠᠯᠠᠵᠤ᠂ ᠺᠠᠳ᠋ᠷ ᠠᠷᠢᠭᠤᠨ ᠴᠢᠬᠡᠴᠢ᠂ ᠵᠠᠰᠠᠭ ᠤᠨ ᠣᠷᠳᠣᠨ ᠠᠷᠢᠭᠤᠨ ᠴᠢᠬᠡᠴᠢ ᠪᠠᠶᠢᠬᠤ | ᠶᠢ ᠦᠨᠡᠨᠬᠦ ᠪᠡᠶᠡᠯᠡᠭᠦᠯᠬᠦ ᠬᠡᠷᠡᠭᠲᠡᠶ᠃ | ᠲᠥᠯᠥᠭᠡᠯᠡᠭᠴᠢᠳ ᠡ᠂ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ | ᠤ ᠲᠣᠭᠤᠷᠢᠨ ᠳᠤ ᠤᠯᠠᠮ ᠨᠢᠭᠲᠠᠷᠠᠨ ᠪᠦᠯᠬᠦᠮᠳᠡᠵᠦ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ | ᠬᠤᠰᠢᠭᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠰᠢᠭᠤᠴᠢᠯᠠᠨ ᠤᠷᠤᠭᠰᠢᠯᠠᠬᠤ | ᠢᠲᠡᠭᠡᠯ ᠵᠣᠷᠢᠭ᠂ ᠪᠤᠰᠤᠳ ᠠᠴᠠ ᠣᠷᠣᠶᠢᠯᠠᠬᠤ ᠰᠥᠰᠥ ᠵᠣᠷᠢᠭ᠂ ᠴᠤᠴᠠᠯᠲᠠ ᠦᠭᠡᠢ ᠤᠷᠤᠭᠰᠢᠯᠠᠬᠤ ᠵᠣᠷᠢᠭ | ᠰᠠᠨᠠᠭ᠎ᠠ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠦᠢᠯᠡᠰ ᠪᠦᠲᠦᠭᠡᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ | ᠴᠢᠷᠮᠠᠶᠢᠯᠭ᠎ᠠ ᠭᠠᠷᠭᠠᠵᠤ᠂ ᠠᠯᠤᠰ ᠤᠨ ᠵᠣᠷᠢᠯᠲᠠ ᠶᠢ ᠰᠡᠳᠬᠢᠯ ᠳᠡᠭᠡᠨ ᠠᠬᠤᠭᠤᠯᠤᠨ᠂ ᠦᠨᠡᠨ ᠪᠠᠲᠤᠲᠠᠢ ᠰᠢᠳᠤᠷᠭᠤ | ᠠᠵᠢᠯᠯᠠᠵᠤ᠂ ᠪᠠᠭᠠᠷᠢᠨ ᠪᠠᠷᠠᠭᠤᠨ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ | ᠴᠢᠷᠮᠠᠶᠢᠨ ᠪᠢᠴᠢᠭᠯᠡᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ | ᠬᠤᠷᠠᠯᠳᠤᠬᠤ ᠶᠢ ᠤᠭᠲᠤᠰᠤᠭᠠᠢ︕ |