2021 ᠣᠨ ᠤ ᠪᠥᠬᠦ ᠬᠤᠰᠢᠭᠤᠨ ᠤ ᠡᠳ᠋ ᠤᠨ ᠵᠠᠰᠠᠭ ᠤᠨ ᠲᠥᠰᠦᠪ ᠢ ᠬᠡᠷᠡᠭᠵᠢᠭᠦᠯᠦᠭᠰᠡᠨ ᠪᠠᠶᠢᠳᠠᠯ
ᠨᠡᠶᠢᠲᠡᠯᠡᠭᠰᠡᠨ ᠴᠠᠭ᠄
2022/1/19
        ︵ᠨᠢᠭᠡ︶ ᠡᠩ ᠤᠨ ᠣᠯᠠᠨ ᠨᠡᠶᠢᠲᠡ ᠶᠢᠨ ᠲᠥᠰᠦᠪ ᠢ ᠬᠡᠷᠡᠭᠵᠢᠭᠦᠯᠦᠭᠰᠡᠨ ᠪᠠᠶᠢᠳᠠᠯ     ᠬᠤᠰᠢᠭᠤ ᠱᠠᠲᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠵᠢᠯ ᠤᠨ ᠡᠬᠢᠨ ᠳᠤ 6113 ᠲᠦᠮᠡᠨ ᠲᠥᠭᠦᠷᠢᠭ ᠲᠤᠬᠢᠷᠠᠭᠤᠯᠤᠨ᠂ ᠵᠢᠯ ᠤᠨ ᠡᠴᠦᠰ ᠲᠤ ᠵᠢᠱᠢᠵᠦ ᠪᠠᠶᠠᠯᠡᠭᠦᠯᠦᠭᠰᠡᠨ ᠨᠢ 6116 ᠲᠦᠮᠡᠨ ᠲᠥᠭᠦᠷᠢᠭ᠂ ᠵᠢᠯ ᠤᠨ ᠲᠥᠰᠦᠪ ᠢᠶᠠᠨ 100 %᠎ ᠪᠠᠷ ᠪᠡᠶᠡᠯᠡᠭᠦᠯᠵᠦ᠂ ᠳᠡᠭᠡᠷ᠎ᠡ ᠵᠢᠯ ᠤᠨ ᠎ ᠬᠢ ᠠᠴᠠ 5686 ᠲᠦᠮᠡᠨ ᠲᠥᠭᠦᠷᠢᠭ ᠨᠡᠮᠡᠭᠲᠡᠭᠦᠯᠦᠨ᠂ 10.3%᠎ ᠪᠠᠷ ᠨᠡᠮᠡᠭᠲᠡᠪᠡ᠃ ᠡᠭᠦᠨ ᠳᠤ᠄ ᠭᠠᠶᠢᠯᠢ ᠶᠢᠨ ᠣᠷᠣᠯᠭ᠎ᠠ 20386 ᠲᠦᠮᠡᠨ ᠲᠥᠭᠦᠷᠢᠭ ᠢ ᠪᠡᠶᠡᠯᠡᠭᠦᠯᠵᠦ᠂ ᠳᠡᠭᠡᠷ᠎ᠡ ᠵᠢᠯ ᠤᠨ ᠬᠢ ᠠᠴᠠ 717 ᠲᠦᠮᠡᠨ ᠲᠥᠭᠦᠷᠢᠭ ᠨᠡᠮᠡᠭᠲᠡᠨ᠂ 3.6%᠎ ᠪᠠᠷ ᠨᠡᠮᠡᠭᠳᠡᠪᠡ᠂ ᠭᠠᠶᠢᠯᠢ ᠶᠢᠨ ᠪᠤᠰᠤ ᠣᠷᠣᠯᠭ᠎ᠠ 40730 ᠲᠦᠮᠡᠨ ᠲᠥᠭᠦᠷᠢᠭ ᠢ ᠪᠡᠶᠡᠯᠡᠭᠦᠯᠵᠦ᠂ ᠳᠡᠭᠡᠷ᠎ᠡ ᠵᠢᠯ ᠤᠨ ᠬᠢ ᠠᠴᠠ 4969 ᠲᠦᠮᠡᠨ ᠲᠥᠭᠦᠷᠢᠭ  ᠨᠡᠮᠡᠭᠲᠡᠨ᠂ 13.9%᠎ ᠪᠠᠷ ᠨᠡᠮᠡᠭᠳᠡᠪᠡ᠃     ᠪᠥᠬᠦ ᠬᠤᠰᠢᠭᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠶᠡᠷᠦᠩᠬᠡᠶ ᠣᠷᠣᠯᠭ᠎ᠠ ᠨᠢ ᠵᠢᠱᠢᠯᠲᠡ ᠪᠠᠷ 331609 ᠲᠦᠮᠡᠨ ᠲᠥᠭᠦᠷᠢᠭ ᠪᠣᠯᠤᠨ᠎ᠠ᠃ ᠡᠭᠦᠨ ᠳᠤ᠄ ᠬᠤᠰᠢᠭᠤ ᠱᠠᠲᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 6116 ᠲᠦᠮᠡᠨ ᠲᠥᠭᠦᠷᠢᠭ︔ ᠪᠤᠴᠠᠭᠠᠬᠤ ᠴᠢᠨᠠᠷᠲᠠᠶ ᠣᠷᠣᠯᠭ᠎ᠠ 7553 ᠲᠦᠮᠡᠨ ᠲᠥᠭᠦᠷᠢᠭ︔ ᠰᠢᠯᠵᠢᠭᠦᠯᠦᠨ ᠥᠭᠬᠦ ᠣᠷᠣᠯᠭ᠎ᠠ 231105 ᠲᠦᠮᠡᠨ ᠲᠥᠭᠦᠷᠢᠭ︔ ᠡᠩ ᠤᠨ ᠵᠢᠭᠡᠯᠡᠯᠭᠡ ᠶᠢᠨ ᠲᠡᠮᠳᠡᠭᠲᠦ ᠶᠢ ᠰᠢᠯᠵᠢᠭᠦᠯᠦᠨ ᠵᠢᠭᠡᠯᠡᠭᠦᠯᠦᠭᠰᠡᠨ ᠣᠷᠣᠯᠭ᠎ᠠ 13000 ᠲᠦᠮᠡᠨ ᠲᠥᠭᠦᠷᠢᠭ ᠪᠣᠯᠤᠨ᠎ᠠ︔ ᠳᠠᠬᠢᠨ ᠪᠠᠯᠠ ᠲᠣᠬᠢᠷᠠᠭᠤᠯᠭ᠎ᠠ ᠶᠢᠨ ᠵᠢᠭᠡᠯᠡᠯᠭᠡ ᠶᠢᠨ ᠲᠡᠮᠳᠡᠭᠲᠦ ᠶᠢᠨ ᠣᠷᠣᠯᠭ᠎ᠠ 8053 ᠲᠦᠮᠡᠨ ᠲᠥᠭᠦᠷᠢᠭ᠂ ᠰᠢᠯᠵᠢᠭᠦᠯᠦᠨ ᠣᠷᠣᠭᠤᠯᠤᠭᠰᠠᠨ ᠪᠠᠯᠠ ᠮᠥᠩᠭᠦ 7704 ᠲᠦᠮᠡᠨ ᠲᠥᠭᠦᠷᠢᠭ ᠪᠠᠶᠢᠵᠤ᠂ ᠳᠡᠭᠡᠷ᠎ᠡ ᠵᠢᠯ ᠤᠨ ᠦᠯᠡᠳᠡᠪᠦᠷᠢ 3078 ᠲᠦᠮᠡᠨ ᠲᠥᠭᠦᠷᠢᠭ ᠪᠣᠯᠤᠨ᠎ᠠ᠃ᠪᠥᠬᠦ ᠬᠤᠰᠢᠭᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠶᠡᠷᠦᠩᠬᠡᠶ ᠵᠠᠷᠤᠯᠭ᠎ᠠ ᠨᠢ ᠵᠢᠱᠢᠯᠲᠡ ᠪᠠᠷ 319194 ᠲᠦᠮᠡᠨ ᠲᠥᠭᠦᠷᠢᠭ ᠪᠣᠯᠤᠨ᠎ᠠ᠃    1.ᠬᠤᠰᠢᠭᠤ ᠱᠠᠲᠤᠨ ᠤ ᠡᠩ ᠤᠨ ᠣᠯᠠᠨ ᠨᠠᠶᠢᠲᠡ ᠶᠢᠨ ᠲᠥᠰᠦᠪ ᠤᠨ ᠵᠠᠷᠤᠯᠭ᠎ᠠ 297063 ᠲᠦᠮᠡᠨ ᠲᠥᠭᠦᠷᠢᠭ᠂ ᠵᠢᠯ ᠤᠨ ᠲᠥᠰᠦᠪ ᠢᠶᠠᠨ 126.1 %᠎ ᠪᠠᠷ ᠪᠡᠶᠡᠯᠡᠭᠦᠯᠵᠦ᠂ ᠳᠡᠭᠡᠷ᠎ᠡ ᠵᠢᠯ ᠤᠨ ᠬᠢ ᠠᠴᠠ 8437 ᠲᠦᠮᠡᠨ ᠲᠥᠭᠦᠷᠢᠭ ᠬᠠᠰᠤᠭᠳᠠᠵᠤ᠂ 2.8%᠎ ᠪᠠᠷ ᠪᠠᠭᠤᠷᠠᠪᠠ᠃    2.ᠳᠡᠭᠡᠭᠰᠢ ᠲᠤᠰᠢᠶᠠᠬᠤ ᠲᠤᠰᠬᠠᠶ ᠵᠠᠷᠤᠯᠭ᠎ᠠ 14078 ᠲᠦᠮᠡᠨ ᠲᠥᠭᠦᠷᠢᠭ᠂ ᠭᠤᠤᠯᠳᠠᠭᠤ ᠬᠤᠲᠠ ᠬᠢᠭᠡᠳ ᠬᠤᠰᠢᠭᠤ ᠰᠢᠶᠠᠨ ᠤ ᠬᠠᠮᠲᠤ ᠪᠠᠷ ᠡᠳ᠋ᠯᠡᠬᠦ ᠣᠷᠣᠯᠭ᠎ᠠ 5203 ᠲᠦᠮᠡᠨ ᠲᠥᠭᠦᠷᠢᠭ᠂ ᠪᠤᠰᠤᠳ ᠲᠣᠭᠲᠠᠮᠠᠯ ᠳᠡᠭᠡᠭᠰᠢ ᠲᠤᠰᠢᠶᠠᠬᠤ ᠮᠦᠡᠭᠬᠦ 825 ᠲᠦᠮᠡᠨ ᠲᠥᠭᠦᠷᠢᠭ ᠪᠣᠯᠤᠨ᠎ᠠ︔ ᠪᠤᠰᠤᠳ ᠲᠥᠷᠥ ᠶᠢᠨ ᠪᠣᠳᠣᠯᠭ᠎ᠠ ᠶᠢᠨ ᠴᠢᠨᠠᠷᠲᠠᠶ ᠳᠡᠭᠡᠭᠰᠢ ᠲᠤᠰᠢᠶᠠᠭᠰᠠᠨ ᠵᠠᠷᠤᠯᠭ᠎ᠠ ᠨᠢ ᠬᠤᠲᠠ ᠶᠢᠨ ᠱᠠᠲᠤᠨ ᠤ ᠨᠢᠭᠡᠳᠦᠯᠲᠡᠶ ᠵᠢᠭᠡᠯᠡᠯᠭᠡ ᠶᠢᠨ ᠰᠠᠭᠤᠷᠢ ᠮᠥᠩᠭᠦ ᠶᠢᠨ ᠡᠬᠡ ᠬᠦᠦ ᠶᠢ 8050 ᠲᠦᠮᠡᠨ ᠲᠥᠭᠦᠷᠢᠭ ᠣᠷᠣᠯᠠᠨ ᠪᠤᠴᠠᠭᠠᠬᠤ ᠵᠡᠷᠭᠡ ᠪᠤᠯᠤᠨ᠎ᠠ᠃     3.ᠡᠩ ᠤᠨ ᠵᠢᠭᠡᠯᠡᠯᠭᠡ ᠶᠢᠨ ᠲᠡᠮᠳᠡᠭᠲᠦ ᠶᠢᠨ ᠡᠬᠡ ᠮᠥᠩᠭᠦ ᠶᠢ ᠪᠤᠴᠠᠭᠠᠬᠤ ᠵᠠᠷᠤᠯᠭ᠎ᠠ 8053 ᠲᠦᠮᠡᠨ ᠲᠥᠭᠦᠷᠢᠭ᠃ᠵᠢᠯ ᠤᠨ ᠡᠴᠦᠰ ᠲᠤ ᠳᠠᠷᠠᠭ᠎ᠠ ᠵᠢᠯ ᠳᠤ ᠰᠢᠯᠵᠢᠭᠦᠯᠬᠦ ᠵᠠᠷᠤᠯᠭ᠎ᠠ 12415 ᠲᠦᠮᠡᠨ ᠲᠥᠭᠦᠷᠢᠭ ᠪᠣᠯᠤᠨ᠎ᠠ᠃
ᠢᠷᠡᠯᠲᠡ᠄ ᠲᠣᠲᠣᠷᠬᠠᠢ ᠦᠭᠡᠢ