| 2022 ᠣᠨ ᠤ ᠡᠳ᠋ ᠤᠨ ᠵᠠᠰᠠᠭ ᠤᠨ ᠲᠥᠰᠦᠪ ᠢ ᠨᠠᠶᠢᠷᠠᠭᠤᠯᠤᠨ ᠵᠣᠬᠢᠶᠠᠬᠤ ᠵᠢᠯᠣᠭᠤᠳᠬᠤ ᠦᠵᠡᠯ ᠰᠠᠨᠠᠭ᠎ᠠ ᠪᠣᠯ᠄ ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ | ᠨᠠᠶᠢᠲᠠᠪᠤᠷᠢᠵᠢᠭᠤᠯᠵᠦ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠤᠯᠭᠠᠨ᠂ ᠲᠣᠭᠲᠠᠭᠤᠨ ᠤ ᠳᠤᠮᠳᠠ | ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠦ᠂ ︽ᠵᠢᠷᠭᠤᠭᠠᠨ ᠲᠤᠭᠲᠠᠭᠤᠨ︾ ᠠᠵᠢᠯ ᠢ ᠰᠠᠶᠢᠲᠤᠷ ᠬᠢᠵᠦ᠂ ︽ᠵᠢᠷᠭᠤᠭᠠᠨ | ᠪᠠᠲᠤᠯᠠᠭ᠎ᠠ︾ ᠶᠢ ᠨᠠᠶᠢᠲᠠᠪᠤᠷᠢᠵᠢᠭᠤᠯᠤᠨ᠂ ︽ᠴᠢᠳᠠᠯ ᠢᠶᠠᠷ ᠢᠶᠠᠨ ᠴᠢᠷᠮᠠᠶᠢᠵᠦ᠂ ᠴᠢᠲᠠᠯ ᠤᠨ ᠢᠶᠠᠨ ᠬᠢᠷᠢ ᠪᠠᠷ ᠬᠢᠬᠦ︾ ᠵᠠᠷᠴᠢᠮ ᠢ ᠪᠠᠷᠢᠮᠲᠠᠯᠠᠵᠦ᠂ ᠬᠤᠰᠢᠭᠤᠨ ᠤ | ᠠᠷᠪᠠᠨ ᠵᠢᠷᠭᠤᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠬᠤᠷᠠᠯ ᠪᠠ ᠬᠤᠰᠢᠭᠤᠨ ᠤ ᠵᠠᠰᠠᠭ ᠤᠨ ᠣᠷᠳᠣᠨ ᠤ ᠲᠣᠭᠲᠠᠭᠠᠭᠰᠠᠨ ᠵᠢᠯ ᠤᠨ ᠬᠠᠷᠠᠯᠲᠠ | ᠡᠭᠦᠷᠭᠡ ᠶᠢ ᠰᠠᠶᠢᠲᠤᠷ ᠨᠠᠶᠢᠲᠠᠪᠤᠷᠢᠵᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ | ᠲᠦᠯᠦᠪᠵᠢᠭᠦᠯᠵᠦ᠂ ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠵᠤ ᠰᠠᠶᠢᠵᠢᠷᠠᠭᠤᠯᠤᠨ᠂ ᠨᠡᠶᠢᠭᠡᠮ ᠤᠨ ᠲᠣᠭᠲᠠᠭᠤᠨ ᠪᠠᠶᠢᠳᠠᠯ ᠢ ᠪᠠᠲᠤᠯᠠᠵᠦ᠂ ᠪᠦᠬᠦ ᠬᠤᠰᠢᠭᠤᠨ | ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ | ︵ᠨᠢᠭᠡ ︶ ᠡᠩ ᠤᠨ ᠤᠯᠠᠨ ᠨᠡᠶᠢᠲᠡ ᠶᠢᠨ ᠲᠥᠰᠦᠪ ᠤᠨ ᠲᠥᠰᠦᠯ | 2022 ᠣᠨ ᠳᠤ᠂ ᠬᠤᠰᠢᠭᠤ ᠱᠠᠲᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 67596 ᠲᠦᠮᠡᠨ ᠲᠥᠭᠦᠷᠢᠭ ᠲᠤᠬᠢᠷᠠᠭᠤᠯᠤᠨ᠂ | ᠳᠡᠭᠡᠷ᠎ᠡ ᠵᠢᠯ ᠤᠨ ᠬᠢ ᠠᠴᠠ 6480 ᠲᠦᠮᠡᠨ ᠲᠥᠭᠦᠷᠢᠭ ᠨᠡᠮᠡᠭᠳᠡᠭᠦᠯᠵᠦ᠂ 10.6% ᠪᠠᠷ ᠦᠰᠭᠡᠨ᠎ᠡ᠃ ᠡᠭᠦᠨ ᠳᠤ᠄ ᠭᠠᠶᠢᠯᠢ ᠶᠢᠨ ᠣᠷᠣᠯᠭ᠎ᠠ 20684 | ᠲᠦᠮᠡᠨ ᠲᠥᠭᠦᠷᠢᠭ᠂ 298 ᠲᠦᠮᠡᠨ ᠲᠥᠭᠦᠷᠢᠭ ᠨᠡᠮᠡᠭᠲᠡᠭᠦᠯᠵᠦ᠂ 1.5% ᠪᠠᠷ ᠦᠰᠭᠡᠨ᠎ᠡ︔ ᠭᠠᠶᠢᠯᠢ ᠶᠢᠨ ᠪᠤᠰᠤ ᠣᠷᠣᠯᠭ᠎ᠠ ᠶᠢ 46912 ᠲᠦᠮᠡᠨ | ᠲᠥᠭᠦᠷᠢᠭ ᠢᠶᠠᠷ ᠲᠣᠬᠢᠷᠠᠭᠤᠯᠵᠤ᠂ 6182 ᠲᠦᠮᠡᠨ ᠲᠥᠭᠦᠷᠢᠭ ᠨᠡᠮᠡᠭᠲᠡᠭᠦᠯᠵᠦ᠂ 15.2% ᠪᠠᠷ ᠦᠰᠭᠡᠨ᠎ᠡ᠂ ᠡᠭᠦᠨ ᠳᠤ ᠭᠤᠣᠯᠳᠠᠭᠤ ᠰᠢᠯᠵᠢᠭᠦᠯᠦᠨ ᠥᠭᠬᠦ᠂ | ᠡᠵᠡᠯᠡᠵᠦ ᠨᠥᠬᠦᠪᠥᠷᠢᠯᠡᠬᠦ ᠶᠢ ᠲᠡᠩᠴᠡᠭᠦᠯᠬᠦ ᠵᠢᠴᠢ ᠨᠡᠮᠡᠵᠦ ᠬᠠᠰᠤᠬᠤ ᠳᠤ ᠨᠦᠬᠦᠪᠦᠷᠢᠯᠡᠬᠦ ᠶᠢ ᠲᠠᠭᠠᠭᠤᠯᠬᠤ ᠲᠠᠷᠢᠶᠠᠨ ᠭᠠᠵᠠᠷ ᠤᠨ ᠨᠤᠷᠮ᠎ᠠ ᠶᠢᠨ ᠣᠷᠣᠯᠭ᠎ᠠ ᠪᠠ | ᠲᠠᠬᠢᠯᠲᠠ ᠦᠭᠡᠢ ᠲᠤᠷᠭᠠᠭᠤᠯᠢ ᠶᠢᠨ ᠣᠷᠣᠯᠭ᠎ᠠ ᠶᠢ ᠨᠡᠮᠡᠭᠲᠡᠭᠦᠯᠦᠨ᠎ᠡ᠃ | ᠪᠦᠬᠦ ᠬᠤᠰᠢᠭᠤᠨ ᠤ ᠶᠡᠷᠦᠩᠬᠡᠶ ᠡᠳ᠋ ᠤᠨ ᠬᠦᠴᠦᠨ ᠢ 242050 ᠲᠦᠮᠡᠨ ᠲᠥᠭᠦᠷᠢᠭ ᠲᠤᠬᠢᠷᠠᠭᠤᠯᠪᠠ᠃ ᠡᠭᠦᠨ ᠳᠤ᠄ ᠬᠤᠰᠢᠭᠤ ᠱᠠᠲᠤᠨ ᠤ ᠡᠩ ᠤᠨ | ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 67596 ᠲᠦᠮᠡᠨ ᠲᠥᠭᠦᠷᠢᠭ᠂ ᠳᠡᠭᠡᠳᠦ ᠱᠠᠲᠤᠨ ᠤ ᠪᠤᠴᠠᠭᠠᠬᠤ ᠴᠢᠨᠠᠷᠲᠠᠶ ᠣᠷᠣᠯᠭ᠎ᠠ 7553 ᠲᠦᠮᠡᠨ | ᠲᠥᠭᠦᠷᠢᠭ᠂ ᠡᠩ ᠤᠨ ᠴᠢᠨᠠᠷᠲᠠᠶ ᠰᠢᠯᠵᠢᠭᠦᠯᠦᠨ ᠥᠭᠭᠦᠭᠰᠡᠨ ᠣᠷᠣᠯᠭ᠎ᠠ 133933 ᠲᠦᠮᠡᠨ ᠲᠥᠭᠦᠷᠢᠭ ︵ᠤᠷᠢᠳᠴᠢᠯᠠᠨ ᠪᠠᠭᠤᠯᠭᠠᠭᠰᠠᠨ ᠬᠠᠮᠲᠤ ᠶᠢᠨ ᠡᠳ᠋ ᠤᠨ | ᠵᠠᠰᠠᠭ ᠤᠨ ᠠᠵᠢᠯ ᠶᠠᠪᠤᠳᠠᠯ ᠤᠨ ᠡᠷᠬᠡ ᠶᠢᠨ ᠰᠢᠯᠵᠢᠭᠦᠯᠦᠨ ᠥᠭᠭᠦᠭᠰᠡᠨ ᠣᠷᠣᠯᠭ᠎ᠠ 16602 ᠲᠦᠮᠡᠨ ᠲᠥᠭᠦᠷᠢᠭ︶᠂ ᠳᠡᠭᠡᠷ᠎ᠡ ᠵᠢᠯ ᠠᠴᠠ 12415 ᠲᠦᠮᠡᠨ | ᠲᠥᠭᠦᠷᠢᠭ ᠢ ᠳ᠋ᠦᠩᠨᠡᠨ ᠰᠢᠯᠵᠢᠭᠦᠯᠵᠦ᠂ ᠰᠢᠯᠵᠢᠭᠦᠯᠦᠨ ᠣᠷᠣᠭᠤᠯᠤᠭᠰᠠᠨ ᠪᠠᠯᠠ ᠮᠥᠩᠭᠦ 20553 ᠲᠦᠮᠡᠨ ᠲᠥᠭᠦᠷᠢᠭ ᠪᠣᠯᠤᠨ᠎ᠠ᠃ | ᠪᠦᠬᠦ ᠬᠤᠰᠢᠭᠤᠨ ᠤ ᠡᠩ ᠤᠨ ᠣᠯᠠᠨ ᠨᠠᠶᠢᠲᠡ ᠶᠢᠨ ᠲᠥᠰᠦᠪ ᠤᠨ ᠶᠡᠷᠦᠩᠬᠡᠢ ᠵᠠᠷᠤᠯᠭ᠎ᠠ ᠶᠢ 242050 ᠲᠦᠮᠡᠨ ᠲᠥᠭᠦᠷᠢᠭ ᠢᠶᠠᠷ ᠲᠤᠬᠢᠷᠠᠭᠤᠯᠤᠨ᠎ᠠ᠃ | ᠡᠭᠦᠨ ᠳᠤ᠄ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠪᠠᠯᠠ ᠮᠥᠩᠭᠦ ᠶᠢ 31677 ᠲᠦᠮᠡᠨ ᠲᠥᠭᠦᠷᠢᠭ᠃ | ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ ᠴᠢᠳᠠᠮᠵᠢ ᠪᠠᠷ ᠲᠥᠷᠥᠯ ᠬᠤᠪᠢᠶᠠᠭᠰᠠᠨ ᠲᠥᠰᠦᠪ᠄ | ᠡᠩ ᠤᠨ ᠣᠯᠠᠨ ᠨᠠᠶᠢᠲᠡ ᠶᠢᠨ ᠦᠢᠯᠡᠴᠢᠯᠡᠭᠡᠨ ᠤ ᠵᠠᠷᠤᠯᠭ᠎ᠠ 21068 ᠲᠦᠮᠡᠨ ᠲᠥᠭᠦᠷᠢᠭ᠃ ᠭᠤᠣᠯᠳᠠᠭᠤ ᠨᠠᠮ ᠵᠠᠰᠠᠭ ᠤᠨ ᠪᠠᠶᠢᠭᠤᠯᠭ᠎ᠠ᠂ ᠣᠯᠠᠨ ᠲᠦᠮᠡᠨ ᠤ | ᠪᠦᠯᠬᠦᠮ ᠤᠨ ᠵᠠᠷᠤᠳᠠᠯ ᠳᠤ ᠲᠤᠬᠢᠷᠠᠭᠤᠯᠤᠨ᠎ᠠ᠃ | ᠣᠯᠠᠨ ᠨᠠᠶᠢᠲᠡ ᠶᠢᠨ ᠠᠮᠤᠷ ᠲᠦᠪᠰᠢᠨ ᠤ ᠵᠠᠷᠤᠯᠭ᠎ᠠ 8316 ᠲᠦᠮᠡᠨ ᠲᠥᠭᠦᠷᠢᠭ᠃ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ ᠵᠡᠷᠭᠡ ᠰᠠᠯᠠᠭ᠎ᠠ | ᠮᠥᠴᠢᠷ ᠤᠨ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠵᠠᠷᠤᠳᠠᠯ ᠢ ᠨᠠᠶᠢᠳᠠᠪᠤᠷᠢᠵᠢᠭᠤᠯᠵᠤ᠂ ᠨᠢᠭᠤᠴᠠ ᠳᠤ ᠬᠤᠯᠪᠣᠭᠳᠠᠬᠤ ᠢᠨᠵᠧᠨᠧᠷᠢᠩ ᠤᠨ ᠪᠠᠶᠢᠭᠤᠯᠤᠯᠲᠠ | ᠶᠢ ᠤᠯᠠᠮ ᠨᠢᠭᠡ ᠠᠯᠬᠤᠮ ᠴᠢᠩᠭᠠᠳᠬᠠᠨ᠎ᠠ᠃ | ᠰᠤᠷᠭᠠᠨ ᠬᠥᠮᠦᠵᠢᠯ ᠤᠨ ᠵᠠᠷᠤᠯᠭ᠎ᠠ 32783 ᠲᠦᠮᠡᠨ ᠲᠥᠭᠦᠷᠢᠭ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ ᠪᠠᠲᠤᠯᠠᠭ᠎ᠠ ᠶᠢᠨ | ᠲᠣᠭᠲᠠᠴᠠ ᠶᠢ ᠲᠡᠭᠦᠯᠳᠡᠷᠵᠢᠭᠦᠯᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠰᠢᠮ᠎ᠡ ᠲᠡᠵᠢᠭᠡᠯ ᠢ | ᠰᠠᠶᠢᠵᠢᠷᠠᠭᠤᠯᠬᠤ ᠲᠥᠯᠥᠪᠯᠡᠭᠡ ᠵᠢᠴᠢ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠠᠯᠪᠠᠨ ᠵᠠᠷᠤᠳᠠᠯ᠂ ᠦᠨᠳᠦᠰᠦᠲᠡᠨ ᠤ ᠰᠤᠷᠭᠠᠨ ᠬᠥᠮᠦᠵᠢᠯ᠂ | ᠦᠨᠲᠦᠷ ᠲᠤᠮᠲᠠᠲᠦ ᠶᠢᠨ ᠰᠢᠯᠭᠠᠯᠲᠠ ᠶᠢᠨ ᠥᠭᠡᠷᠡᠴᠢᠯᠡᠯᠲᠡ ᠶᠢ ᠲᠡᠮᠵᠢᠬᠦ ᠵᠡᠷᠭᠡ ᠰᠤᠷᠭᠠᠨ ᠬᠥᠮᠦᠵᠢᠯ ᠤᠨ ᠦᠶᠯᠡᠰ ᠤᠨ ᠵᠠᠷᠤᠳᠠᠯ ᠢ ᠭᠤᠤᠯᠳᠠᠯᠭ᠎ᠠ ᠲᠠᠢ ᠪᠠᠲᠤᠯᠠᠨ᠎ᠠ | ᠃ | ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠯᠭ᠎ᠠ ᠶᠢ 85 ᠲᠦᠮᠡᠨ ᠲᠥᠭᠦᠷᠢᠭ ᠲᠤᠬᠢᠷᠠᠭᠤᠯᠤᠨ᠎ᠠ᠃ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠵᠠᠷᠤᠳᠠᠯ ᠢ ᠭᠤᠣᠯᠳᠠᠯᠭ᠎ᠠ | ᠲᠠᠢ ᠪᠠᠲᠤᠯᠠᠨ᠎ᠠ᠃ | ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠬᠢᠭᠡᠳ ᠵᠢᠭᠤᠴᠢᠯᠠᠭᠤᠷ ᠶᠢᠨ ᠵᠠᠷᠤᠯᠭ᠎ᠠ 3427 ᠲᠦᠮᠡᠨ ᠲᠥᠭᠦᠷᠢᠭ᠃ ᠲᠡᠦᠬᠡ ᠶᠢᠨ ᠳᠤᠷᠠᠰᠬᠠᠯᠲᠤ ᠵᠦᠶᠯᠡᠰ ᠤᠨ | ᠬᠠᠮᠠᠭᠠᠯᠠᠯᠲᠠ᠂ ᠭᠡᠰᠡᠷ ᠰᠣᠶᠣᠯ᠂ ᠮᠦᠽᠧᠶ᠂ ᠷᠠᠳᠢᠣ᠋ ᠲᠧᠯᠸᠢᠰ ᠤᠨ ᠬᠡᠷᠡᠭ ᠶᠠᠪᠤᠳᠠᠯ᠂ ᠤᠯᠠᠭᠠᠨᠮᠥ᠋ᠴᠢᠷ ᠤᠨ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢ | ᠳᠡᠮᠵᠢᠬᠦ ᠵᠡᠷᠭᠡ ᠳᠤ ᠪᠠᠯᠠ ᠮᠥᠩᠭᠦ ᠶᠢ ᠭᠤᠤᠯᠳᠠᠯᠭ᠎ᠠ ᠲᠠᠢ ᠲᠣᠬᠢᠷᠠᠭᠤᠯᠤᠨ᠎ᠠ᠃ | ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ ᠶᠢᠨ ᠵᠠᠷᠤᠯᠭ᠎ᠠ ᠶᠢ 31804 ᠲᠦᠮᠡᠨ ᠲᠥᠭᠦᠷᠢᠭ ᠲᠣᠬᠢᠷᠠᠭᠤᠯᠤᠨ᠎ᠠ᠃ ᠨᠠᠰᠤᠵᠢᠯ ᠤᠨ ᠳᠠᠭᠠᠳᠬᠠᠯ ᠤᠨ | ᠰᠠᠭᠤᠷᠢ ᠮᠥᠩᠭᠦ ᠶᠢᠨ ᠲᠣᠭᠲᠠᠭᠤᠨ ᠢᠶᠠᠷ ᠠᠵᠢᠯᠯᠠᠬᠤ ᠶᠢ ᠳᠡᠮᠵᠢᠵᠦ᠂ ᠨᠡᠶᠢᠭᠡᠮ ᠤᠨ ᠪᠠᠲᠤᠯᠠᠭ᠎ᠠ ᠠᠷᠠᠳ ᠤᠨ ᠠᠮᠢᠳᠤᠷᠠᠯ ᠤᠨ ᠠᠵᠢᠯ ᠢ ᠦᠷᠭᠦᠯᠵᠢᠯᠡᠨ | ᠠᠬᠢᠭᠤᠯᠤᠨ᠎ᠠ᠃ ᠠᠯᠪᠠᠨ ᠪᠠᠶᠢᠭᠤᠯᠭ᠎ᠠ ᠠᠵᠢᠯ ᠦᠢᠯᠡᠰ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠦᠢᠳᠬᠡᠯ ᠲᠤᠰᠢᠶᠠᠬᠤ ᠵᠢᠴᠢ ᠣᠷᠣᠯᠭ᠎ᠠ ᠵᠠᠷᠤᠯᠭ᠎ᠠ ᠶᠢᠨ | ᠳᠤᠲᠠᠭᠤᠳᠠᠯ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠡᠳ᠋ ᠤᠨ ᠵᠠᠰᠠᠭ ᠤᠨ ᠨᠥᠬᠦᠪᠥᠷᠢ᠂ ᠠᠵᠢᠯ ᠠᠴᠠ ᠪᠠᠨ ᠠᠮᠠᠷᠠᠭᠰᠠᠨ | ᠬᠥᠮᠦᠰ ᠤᠨ ᠠᠵᠢᠯ ᠤᠨ ᠨᠦᠬᠦᠪᠦᠷᠢ ᠲᠠᠭᠠᠳᠬᠠᠯ ᠪᠠ ᠴᠠᠯᠢᠩ ᠤᠨ ᠵᠥᠷᠢᠶ᠎ᠡ ᠶᠢ ᠨᠦᠬᠦᠪᠦᠷᠢᠯᠡᠬᠦ᠂ ᠴᠡᠷᠢᠭ ᠤᠨ ᠠᠯᠪᠠ ᠠᠴᠠ ᠪᠠᠭᠤᠭᠰᠠᠨ ᠢ ᠲᠥᠪᠬᠢᠨᠡᠭᠦᠯᠬᠦ᠂ | ᠣᠨᠴᠠ ᠬᠦᠴᠢᠷᠳᠡᠯᠲᠡᠢ ᠬᠥᠮᠦᠰ ᠢ ᠠᠪᠤᠷᠠᠨ ᠲᠤᠰᠠᠯᠠᠬᠤ᠂ ᠵᠡᠮᠳᠡᠭᠴᠦᠳ ᠤᠨ ᠠᠵᠢᠯ ᠦᠢᠯᠡᠰ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠵᠡᠷᠭᠡ ᠠᠷᠠᠳ ᠤᠨ ᠠᠮᠢᠳᠤᠷᠠᠯ ᠤᠨ ᠪᠡᠯᠡ ᠮᠥᠩᠭᠦ ᠶᠢ ᠭᠤᠣᠯᠳᠠᠯᠭ᠎ᠠ ᠲᠠᠢ ᠲᠣᠬᠢᠷᠠᠭᠤᠯᠤᠨ᠎ᠠ᠃ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠷᠤᠯᠭ᠎ᠠ ᠶᠢ 9791 ᠲᠦᠮᠡᠨ ᠲᠥᠭᠦᠷᠢᠭ ᠲᠣᠬᠢᠷᠠᠭᠤᠯᠤᠨ᠎ᠠ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠬᠢᠵᠢᠭ | ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠨᠥᠬᠦᠪᠥᠷᠢ᠂ ᠠᠵᠢᠯᠲᠠᠨ | ᠠᠵᠢᠯᠴᠢᠨ ᠤ ᠡᠮᠴᠢᠯᠡᠭᠡ ᠵᠢᠴᠢ ᠠᠯᠪᠠᠨ ᠤ ᠡᠮᠨᠡᠯᠭᠡ ᠶᠢᠨ ᠬᠤᠷᠢᠶ᠎ᠠ ᠶᠢᠨ ᠨᠥᠬᠦᠪᠥᠷᠢ᠂ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠤᠨ ᠡᠮ ᠤᠨ ᠵᠠᠷᠤᠳᠠᠯ᠂ | ᠡᠮᠴᠢᠯᠡᠭᠡᠨ ᠤ ᠠᠪᠤᠷᠠᠨ ᠲᠤᠰᠠᠯᠠᠯᠲᠠ ᠵᠡᠷᠭᠡ ᠶᠢᠨ ᠵᠠᠷᠤᠯᠭ᠎ᠠ ᠶᠢ ᠪᠠᠲᠤᠯᠠᠨ᠎ᠠ᠃ | ᠡᠨᠧᠷᠭᠢ ᠠᠷᠪᠢᠯᠠᠵᠤ ᠣᠷᠴᠢᠨ ᠠᠬᠤᠢ ᠶᠢ ᠬᠠᠮᠠᠭᠠᠯᠠᠬᠤ᠂ ᠡᠬᠢ ᠪᠠᠶᠠᠯᠢᠭ ᠢ ᠬᠠᠶᠢᠨ ᠰᠢᠨᠵᠢᠯᠡᠬᠦ ᠠᠵᠤ ᠦᠢᠯᠡᠳᠪᠦᠷᠢ ᠶᠢᠨ ᠮᠡᠳᠡᠭᠡ ᠵᠠᠩᠭᠢ᠂ ᠪᠠᠶᠢᠭᠠᠯᠢ ᠶᠢᠨ ᠡᠬᠢ | ᠪᠠᠶᠠᠯᠢᠭ ᠳᠠᠯᠠᠢ ᠲᠠᠩᠭᠢᠰ ᠴᠠᠭ ᠠᠭᠤᠷ ᠵᠡᠷᠭᠡ ᠳᠤ 25985 ᠲᠦᠮᠡᠨ ᠲᠥᠭᠦᠷᠢᠭ ᠲᠤᠬᠢᠷᠠᠭᠤᠯᠤᠨ᠎ᠠ᠃ ᠪᠣᠬᠢᠷᠲᠤᠯ ᠢ ᠰᠡᠷᠭᠡᠶᠢᠯᠡᠨ ᠵᠠᠰᠠᠬᠤ᠂ ᠬᠤᠲᠠ ᠬᠥᠳᠡᠭᠡ | ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ᠂ ᠪᠠᠶᠢᠭᠠᠯᠢ ᠶᠢᠨ ᠠᠮᠢ ᠠᠬᠤᠶ ᠶᠢ ᠬᠠᠮᠠᠭᠠᠯᠠᠬᠤ᠂ ᠠᠵᠤ ᠦᠢᠯᠡᠳᠪᠦᠷᠢ ᠪᠠ ᠮᠡᠳᠡᠭᠡ ᠵᠠᠩᠭᠢ | ᠶᠢᠨ ᠠᠵᠤ ᠦᠢᠯᠡᠰ ᠢ ᠬᠢᠨᠠᠨ ᠬᠠᠮᠢᠶᠠᠷᠬᠤ᠂ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠬᠤ ᠪᠠ ᠡᠷᠬᠡ ᠶᠢ ᠨᠤᠲᠠᠯᠠᠨ ᠲᠣᠭᠲᠠᠭᠠᠵᠤ ᠳᠠᠩᠰᠠᠯᠠᠬᠤ᠂ ᠭᠠᠵᠠᠷ ᠰᠢᠷᠣᠶ | ᠶᠢᠨ ᠡᠬᠢ ᠪᠠᠶᠠᠯᠢᠭ ᠢ ᠨᠥᠭᠡᠴᠡᠯᠡᠬᠦ ᠵᠠᠷᠤᠯᠭ᠎ᠠ ᠵᠡᠷᠭᠡ ᠪᠡᠯᠡ ᠮᠥᠩᠭᠦ ᠶᠢ ᠭᠤᠣᠯᠳᠠᠯᠭ᠎ᠠ ᠲᠠᠢ ᠲᠣᠬᠢᠷᠠᠭᠤᠯᠤᠨ᠎ᠠ᠃ | ᠬᠤᠲᠠ ᠬᠥᠳᠡᠭᠡ ᠨᠡᠶᠢᠭᠡᠮ ᠲᠣᠭᠤᠷᠢᠭ᠂ ᠵᠠᠮ ᠲᠡᠭᠡᠭᠡᠪᠦᠷᠢ᠂ ᠬᠤᠲᠠᠯᠲᠤᠭ᠎ᠠ ᠦᠢᠯᠡᠴᠢᠯᠡᠭᠡᠨ ᠤ ᠦᠢᠯᠡᠰ ᠵᠡᠷᠭᠡ ᠶᠢᠨ ᠵᠠᠷᠤᠯᠭ᠎ᠠ ᠶᠢ 10237 ᠲᠦᠮᠡᠨ | ᠲᠥᠭᠦᠷᠢᠭ ᠲᠣᠬᠢᠷᠠᠭᠤᠯᠤᠨ᠎ᠠ᠃ ᠬᠤᠲᠠ ᠬᠥᠳᠡᠭᠡ ᠶᠢᠨ ᠣᠯᠠᠨ ᠨᠡᠶᠢᠲᠡ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ | ᠬᠤᠲᠠ ᠶᠢᠨ ᠵᠠᠮ ᠱᠤᠭᠤᠮ ᠤᠨ ᠵᠢᠭᠡᠯᠡᠯᠭᠡ ᠶᠢᠨ ᠡᠬᠡ ᠬᠦᠦ ᠲᠠᠢ ᠨᠢ ᠪᠤᠴᠠᠭᠠᠬᠤ᠂ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠵᠢᠴᠢ ᠠᠷᠠᠴᠢᠯᠠᠨ ᠬᠠᠮᠠᠭᠠᠯᠠᠬᠤ᠂ | ᠵᠠᠰᠠᠮᠠᠯ ᠵᠠᠮ ᠤᠨ ᠲᠡᠭᠡᠭᠡᠪᠦᠷᠢ ᠶᠢᠨ ᠬᠠᠮᠢᠶᠠᠷᠤᠯᠲᠠ ᠶᠢᠨ ᠵᠠᠷᠤᠳᠠᠯ ᠵᠡᠷᠭᠡ ᠶᠢ ᠪᠠᠲᠤᠯᠠᠨ᠎ᠠ᠃ | ᠲᠠᠷᠢᠶᠠᠯᠠᠩ ᠮᠠᠯ ᠠᠵᠤ ᠠᠬᠤᠢ ᠣᠢ ᠰᠢᠭᠤᠢ ᠤᠰᠤᠨ ᠠᠰᠢᠭᠯᠠᠯᠲᠠ ᠶᠢᠨ ᠵᠠᠷᠤᠯᠭ᠎ᠠ ᠶᠢ 48850 ᠲᠦᠮᠡᠨ ᠲᠥᠭᠦᠷᠢᠭ ᠲᠣᠬᠢᠷᠠᠭᠤᠯᠤᠨ᠎ᠠ᠃ ᠲᠠᠷᠢᠶᠠᠯᠠᠩ ᠬᠥᠳᠡᠭᠡ | ᠲᠣᠰᠬᠤᠨ ᠤ ᠪᠥᠲᠥᠭᠡᠨ ᠪᠠᠶᠢᠭᠤᠯᠤᠯᠲᠠ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ᠂ ᠠᠯᠠᠰᠢᠨ ᠦᠬᠡᠷ ᠬᠤᠨᠢ ᠶᠢ ᠡᠭᠦᠯᠲᠡᠷ ᠰᠠᠶᠢᠵᠢᠷᠠᠭᠤᠯᠬᠤ ᠶᠢ | ᠳᠡᠮᠵᠢᠵᠦ᠂ ᠣᠶ ᠰᠢᠭᠤᠶ ᠪᠠ ᠨᠤᠲᠤᠭ ᠪᠡᠯᠴᠢᠭᠡᠷ ᠤᠨ ᠠᠮᠢ ᠠᠬᠤᠶ ᠶᠢᠨ ᠬᠢᠨᠠᠯᠲᠠ ᠬᠠᠮᠢᠶᠠᠷᠤᠯᠲᠠ ᠵᠢᠴᠢ ᠣᠶ ᠰᠢᠭᠤᠶ ᠶᠢᠨ ᠡᠬᠢ ᠪᠠᠶᠠᠯᠢᠭ ᠢ ᠪᠣᠶᠢᠵᠢᠭᠤᠯᠬᠤ᠂ | ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠵᠢᠴᠢ ᠠᠵᠢᠯᠯᠠᠭᠤᠯᠵᠤ ᠪᠠᠲᠤᠯᠠᠬᠤ ᠶᠢ ᠨᠠᠶᠢᠳᠠᠪᠤᠷᠢᠵᠢᠭᠤᠯᠤᠨ᠂ ᠨᠡᠭᠦᠯᠭᠡᠬᠦ ᠪᠤᠯᠤᠨ | ᠬᠥᠳᠡᠭᠡ ᠲᠣᠰᠬᠤᠨ ᠤ ᠰᠠᠭᠤᠷᠢ ᠪᠡᠯᠡᠳᠬᠡᠮᠵᠢ ᠶᠢᠨ ᠵᠢᠭᠡᠯᠡᠯᠭᠡ ᠶᠢᠨ ᠡᠬᠡ ᠬᠦᠦ ᠮᠥᠩᠭᠦ ᠶᠢ ᠪᠤᠴᠠᠭᠠᠬᠤ ᠳᠤ ᠳᠣᠭᠢᠷᠠᠭᠤᠯᠵᠤ᠂ ᠭᠠᠴᠠᠭ᠎ᠠ ᠲᠣᠰᠬᠤᠨ ᠤ ᠵᠠᠷᠤᠳᠠᠯ ᠢ | ᠭᠦᠶᠴᠡᠳ ᠪᠠᠲᠤᠯᠠᠨ᠂ ᠬᠥᠳᠡᠭᠡ ᠲᠣᠰᠬᠤᠨ ᠤ ᠵᠠᠮ ᠤᠨ ᠪᠥᠲᠥᠭᠡᠨ ᠪᠠᠶᠢᠭᠤᠯᠤᠯᠲᠠ ᠳᠤ ᠳᠣᠭᠢᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ | ᠦᠷ᠎ᠡ ᠪᠦᠲᠦᠭᠡᠯ ᠢ ᠪᠠᠬᠢᠵᠢᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠣᠭᠲᠠᠭᠤᠨ ᠢᠶᠠᠷ ᠤᠷᠤᠭᠰᠢᠯᠠᠬᠤ ᠶᠢ ᠠᠬᠢᠭᠤᠯᠤᠨ᠎ᠠ᠃ | ᠣᠷᠣᠨ ᠰᠠᠭᠤᠴᠠ ᠶᠢᠨ ᠪᠠᠲᠤᠯᠠᠭ᠎ᠠ ᠶᠢᠨ ᠵᠠᠷᠤᠯᠭ᠎ᠠ ᠶᠢ 21948 ᠲᠦᠮᠡᠨ ᠲᠥᠭᠦᠷᠢᠭ ᠲᠣᠬᠢᠷᠠᠭᠤᠯᠤᠨ᠎ᠠ᠃ ᠭᠤᠣᠯᠳᠠᠭᠤ ᠠᠵᠢᠯᠲᠠᠨ ᠠᠵᠢᠯᠴᠢᠨ ᠤ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ᠂ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠬᠦ ᠵᠢᠭᠡᠯᠡᠯᠭᠡ ᠶᠢᠨ ᠡᠬᠡ | ᠬᠦᠦ ᠲᠠᠢ ᠨᠢ ᠪᠤᠴᠠᠭᠠᠬᠤ ᠠᠵᠢᠯ ᠳᠤ ᠲᠤᠬᠢᠷᠠᠭᠤᠯᠤᠨ᠎ᠠ᠃ | ᠭᠠᠮᠰᠢᠭ ᠢ ᠰᠠᠷᠭᠡᠶᠢᠯᠡᠨ ᠵᠠᠰᠠᠬᠤ ᠵᠢᠴᠢ ᠪᠠᠴᠢᠮ ᠪᠠᠶᠢᠲᠡᠯ ᠢ ᠠᠷᠭᠠᠴᠠᠬᠤ ᠬᠠᠮᠢᠶᠠᠷᠤᠯᠲᠠ᠂ ᠠᠮᠤ ᠲᠣᠰᠣ ᠡᠳ᠋ ᠪᠤᠲᠠᠰ ᠨᠥᠭᠡᠴᠡᠯᠡᠬᠦ ᠵᠠᠷᠤᠯᠭ᠎ᠠ ᠶᠢ 1089 | ᠲᠦᠮᠡᠨ ᠲᠥᠭᠦᠷᠢᠭ ᠲᠣᠬᠢᠷᠠᠭᠤᠯᠤᠨ᠎ᠠ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠵᠢᠴᠢ ᠡᠳ᠋ ᠪᠤᠲᠠᠰ ᠨᠥᠭᠡᠴᠡᠯᠡᠬᠦ᠂ ᠣᠶ ᠰᠢᠭᠤᠶ ᠨᠤᠲᠤᠭ ᠪᠡᠯᠴᠢᠭᠡᠷ ᠤᠨ | ᠭᠠᠮᠰᠢᠭ ᠢ ᠰᠡᠷᠭᠡᠶᠢᠯᠡᠨ ᠪᠠᠭᠠᠰᠬᠠᠬᠤ᠂ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠵᠠᠰᠠᠬᠤ ᠪᠠ ᠠᠪᠤᠷᠠᠨ ᠲᠤᠰᠠᠯᠠᠬᠤ᠂ ᠭᠠᠯ ᠤᠨᠲᠠᠷᠠᠭᠠᠵᠤ ᠪᠠᠴᠢᠮ ᠪᠠᠶᠢᠳᠠᠯ ᠢ | ᠠᠷᠭᠠᠴᠠᠨ ᠠᠪᠤᠷᠠᠨ ᠲᠤᠰᠠᠯᠠᠬᠤ ᠵᠡᠷᠭᠡ ᠶᠢ ᠭᠤᠣᠯᠳᠠᠯᠭ᠎ᠠ ᠲᠠᠢ ᠪᠠᠲᠤᠯᠠᠨ᠎ᠠ᠃ | ᠥᠷᠢ ᠥᠭᠴᠡᠭᠡ ᠶᠢᠨ ᠬᠦᠦ ᠮᠥᠩᠭᠦ ᠶᠢ 5316 ᠲᠦᠮᠡᠨ ᠲᠥᠭᠦᠷᠢᠭ ᠲᠤᠬᠢᠷᠠᠭᠤᠯᠤᠨ᠎ᠠ᠃ ᠭᠤᠣᠯᠳᠠᠭᠤ ᠣᠷᠣᠨ ᠨᠤᠲᠤᠭ ᠤᠨ ᠵᠠᠰᠠᠭ ᠤᠨ ᠣᠷᠳᠣᠨ ᠤ ᠡᠩ ᠤᠨ | ᠵᠢᠭᠡᠯᠡᠯᠭᠡ ᠶᠢᠨ ᠲᠡᠮᠳᠡᠭᠲᠦ ᠶᠢᠨ ᠬᠦᠦ ᠮᠥᠩᠭᠦ ᠲᠦᠯᠦᠬᠦ ᠵᠠᠷᠤᠯᠭ᠎ᠠ ᠳᠤ ᠬᠡᠷᠡᠭᠯᠡᠨ᠎ᠡ᠃ | ᠲᠡᠭᠡᠭᠰᠢ ᠲᠤᠰᠢᠶᠠᠬᠤ ᠵᠠᠷᠤᠯᠭ᠎ᠠ ᠶᠢ 14104 ᠲᠦᠮᠡᠨ ᠲᠦᠭᠦᠷᠢᠭ ᠲᠤᠬᠢᠷᠠᠭᠤᠯᠤᠨ᠎ᠠ᠃ ᠭᠤᠤᠯᠲᠠᠭᠤ ᠬᠤᠲᠠ ᠬᠤᠰᠢᠭᠤ ᠶᠢᠨ ᠬᠠᠮᠲᠤ ᠶᠢᠨ ᠣᠷᠣᠯᠭ᠎ᠠ ᠶᠢ | ᠳᠡᠭᠡᠭᠰᠢ ᠲᠤᠰᠢᠶᠠᠬᠤ᠂ ᠪᠤᠰᠤᠳ ᠲᠣᠭᠲᠠᠮᠠᠯ ᠳᠡᠭᠡᠭᠰᠢ ᠲᠤᠰᠢᠶᠠᠬᠤ ᠵᠢᠴᠢ ᠨᠢᠭᠡᠳᠦᠯᠲᠡᠶ ᠵᠢᠭᠡᠯᠡᠭᠰᠡᠨ ᠰᠠᠭᠤᠷᠢ ᠮᠥᠩᠭᠦ ᠶᠢᠨ ᠡᠬᠡ ᠬᠦᠦ ᠮᠥᠩᠭᠦ ᠶᠢ ᠪᠤᠴᠠᠭᠠᠬᠤ | ᠵᠡᠷᠭᠡ ᠳᠡᠭᠡᠭᠰᠢ ᠲᠤᠰᠢᠶᠠᠬᠤ ᠵᠠᠷᠤᠯᠭ᠎ᠠ ᠪᠣᠯᠤᠨ᠎ᠠ᠃ | ᠪᠡᠯᠡᠳᠬᠡᠯ ᠵᠠᠷᠤᠳᠠᠯ ᠢ 3000 ᠲᠦᠮᠡᠨ ᠲᠥᠭᠦᠷᠢᠭ ᠲᠣᠬᠢᠷᠠᠭᠤᠯᠤᠨ᠎ᠠ᠃ | ᠪᠤᠰᠤᠳ ᠵᠠᠷᠤᠯᠭ᠎ᠠ ᠶᠢ 4247 ᠲᠦᠮᠡᠨ ᠲᠥᠭᠦᠷᠢᠭ ᠲᠣᠬᠢᠷᠠᠭᠤᠯᠤᠨ᠎ᠠ᠃ ᠭᠤᠣᠯᠳᠠᠭᠤ ᠠᠵᠢᠯᠲᠠᠨ ᠤ ᠴᠠᠯᠢᠩ ᠤᠨ ᠨᠡᠮᠡᠭᠲᠡᠯ᠂ ᠨᠡᠶᠢᠭᠡᠮ ᠤᠨ ᠪᠠᠲᠤᠯᠠᠭ᠎ᠠ ᠶᠢᠨ | ᠰᠦᠢᠳᠭᠡᠯ ᠢ ᠨᠥᠬᠦᠪᠥᠷᠢᠯᠡᠨ ᠲᠤᠰᠢᠶᠠᠬᠤ ᠵᠢᠴᠢ ᠠᠵᠢᠯᠲᠠᠨ ᠨᠡᠮᠡᠭᠲᠡᠬᠦ ᠵᠡᠷᠭᠡ ᠪᠤᠰᠤᠳ ᠵᠠᠷᠤᠯᠭ᠎ᠠ ᠳᠤ ᠬᠡᠷᠡᠭᠯᠡᠨ᠎ᠡ᠃ |