| | | | ︵ᠭᠤᠷᠪᠠ︶ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ᠤᠨ ᠲᠥᠰᠦᠯ | ᠪᠦᠬᠦ ᠬᠤᠰᠢᠭᠤᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ ᠶᠢ 43044 ᠲᠦᠮᠡᠨ ᠲᠥᠭᠦᠷᠢᠭ ᠢᠶᠠᠷ ᠲᠣᠬᠢᠷᠠᠭᠤᠯᠤᠨ᠎ᠠ᠃ ᠡᠭᠦᠨ | ᠳᠤ᠄ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ 26018 ᠲᠦᠮᠡᠨ | ᠲᠥᠭᠦᠷᠢᠭ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ 17026 ᠲᠦᠮᠡᠨ | ᠲᠥᠭᠦᠷᠢᠭ᠂ ᠳᠡᠭᠡᠷ᠎ᠡ ᠵᠢᠯ ᠤᠨ ᠦᠯᠡᠳᠡᠪᠦᠷᠢ 12122 ᠲᠦᠮᠡᠨ ᠲᠥᠭᠦᠷᠢᠭ ᠪᠣᠯᠤᠨ᠎ᠠ᠃ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠵᠠᠷᠤᠯᠭ᠎ᠠ ᠶᠢ | 28544 ᠲᠦᠮᠡᠨ ᠲᠥᠭᠦᠷᠢᠭ ᠲᠣᠬᠢᠷᠠᠭᠤᠯᠤᠨ᠎ᠠ᠃ ᠭᠤᠣᠯᠳᠠᠭᠤ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠪᠣᠯᠤᠨ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠣᠯᠭᠤᠮᠵᠢ ᠶᠢᠨ ᠵᠠᠷᠤᠯᠭ᠎ᠠ ᠳᠤ ᠬᠡᠷᠡᠭᠯᠡᠵᠦ᠂ ᠵᠢᠯ ᠤᠨ ᠡᠴᠦᠰ ᠤᠨ ᠬᠤᠷᠠᠮᠳᠤᠯ ᠦᠯᠡᠳᠡᠪᠦᠷᠢ 14500 | ᠲᠦᠮᠡᠨ ᠲᠥᠭᠦᠷᠢᠭ ᠪᠣᠯᠤᠨ᠎ᠠ᠃ ᠠᠵᠢᠯᠲᠠᠨ ᠠᠵᠢᠯᠴᠢᠨ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ | ᠬᠤᠲᠠ ᠶᠢᠨ ᠱᠠᠲᠤᠨ ᠤ ᠨᠢᠭᠡᠲᠦᠭᠦᠯᠦᠨ ᠬᠤᠷᠠᠮᠲᠤᠭᠤᠯᠬᠤ ᠶᠢ ᠬᠡᠷᠡᠭᠵᠢᠭᠦᠯᠦᠨ᠎ᠡ᠃ | ︵ᠲᠦᠷᠪᠡ︶ ᠤᠯᠤᠰ ᠤᠨ ᠥᠮᠴᠢᠯᠡᠯ ᠤᠨ ᠭᠦᠷᠦᠩᠭᠡ ᠶᠢᠨ ᠡᠵᠡᠩᠨᠡᠯᠲᠡ ᠶᠢᠨ ᠲᠥᠰᠦᠪ ᠤᠨ ᠲᠥᠰᠦᠯ | 2022 ᠣᠨ ᠳᠤ ᠤᠯᠤᠰ ᠤᠨ ᠥᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠲᠥᠰᠦᠪ ᠢ ᠨᠠᠶᠢᠷᠠᠭᠤᠯᠤᠨ ᠵᠣᠬᠢᠶᠠᠭᠰᠠᠨ ᠥᠬᠡᠶ᠃ |