ᠲᠡᠮᠷᠢᠨᠪᠠᠽᠡᠷ
ᠨᠡᠶᠢᠲᠡᠯᠡᠭᠰᠡᠨ ᠴᠠᠭ᠄
2022/12/19
      ᠪᠦᠬᠡ ᠲᠡᠮᠷᠢᠨᠪᠠᠽᠡᠷ᠂1933 ᠤᠨ ᠳᠤ ᠤᠳᠤ ᠶᠢᠨ ᠪᠠᠶᠠᠨᠳᠠᠯ᠎ᠠ ᠰᠤᠮᠤ ᠶᠢᠨ ᠪᠠᠯᠨᠠᠭᠤᠷ ᠤᠨ ᠠᠶᠢᠯ ᠳᠤ ᠸᠠᠩ ᠤᠪᠤᠭᠳᠤ ᠫᠠᠨᠳᠠᠢ ᠶᠢᠨ ᠤᠤᠭᠠᠨ ᠬᠦᠦ ᠪᠤᠯᠵᠤ ᠵᠠᠶᠠᠭᠠᠵᠠᠢ᠃ ᠲᠡᠷᠠ ᠬᠠᠷᠠᠬᠠᠨ ᠪᠠᠭ᠎ᠠ ᠠᠴᠠ ᠪᠠᠨ ᠪᠠᠷᠢᠯᠳᠤᠬᠤ ᠎ ᠳᠤ ᠲᠤᠷ᠎ᠠ ᠪᠠᠭ᠋ᠠᠳᠠᠢ᠂ ᠬᠤᠷᠴᠠ ᠪᠠᠷᠢᠯᠳᠤᠭᠠᠨ ᠲᠠᠢ ᠪᠦᠬᠡ ᠪᠠᠶᠢᠭᠰᠠᠨ ᠪᠢᠯᠡ᠃       1959 ᠤᠨ ᠳᠤ ᠰᠢᠨ᠎ᠠ ᠲᠤᠮᠳᠠᠳᠤ ᠤᠯᠤᠰ ᠪᠠᠶᠢᠭᠤᠯᠤᠭᠳᠠᠭᠰᠠᠨ10 ᠵᠢᠯ ᠤᠨ ᠤᠢ ᠶᠢ ᠪᠡᠯᠬᠡᠯᠡᠬᠦ ᠬᠤᠰᠢᠭᠤᠨ ᠤ ᠠᠷᠪᠠᠳᠤᠭᠠᠷ ᠤᠳᠠᠭᠠᠨ ᠤ ᠶᠡᠭᠡ ᠨᠠᠶᠢᠷ ᠲᠤ ᠭᠤᠷᠪᠠᠨ ᠲᠡᠰ ᠬᠤᠪᠢᠶᠠᠨ ᠪᠠᠷᠢᠯᠳᠤᠭᠤᠯᠤᠭᠰᠠᠨ ᠳᠤ ᠬᠦᠩᠬᠡᠨ ᠲᠡᠰ ᠲᠤ ᠲᠡᠳ᠋ᠯᠡᠪᠡ᠃       1964 ᠤᠨ ᠳᠤ ᠪᠠᠶᠠᠨᠳᠠᠯ᠎ᠠ ᠨᠢᠬᠡᠳᠦᠯ ᠤᠨ ᠭᠤᠷᠪᠠᠳᠤᠭᠠᠷ ᠤᠳᠠᠭᠠᠨ ᠤ ᠶᠡᠭᠡ ᠨᠠᠶᠢᠷ ᠲᠤ ᠲᠡᠷᠢᠬᠦᠯᠡᠪᠡ᠃
ᠢᠷᠡᠯᠲᠡ᠄ ᠪᠠᠷᠠᠭᠤᠨ ᠪᠠᠭᠠᠷᠢᠨ ᠤ ᠪᠥᠬᠡᠴᠦᠳ