ᠵᠡᠬᠡᠯᠢ ᠲᠡᠬᠡᠷ᠎ᠠ ᠪᠤᠯᠢᠶᠠᠬᠤ ᠪᠠ ᠲᠤᠨᠤᠬᠤ
ᠨᠡᠶᠢᠲᠡᠯᠡᠭᠰᠡᠨ ᠴᠠᠭ᠄
2022/9/28
       ᠪᠤᠯᠢᠶᠠᠬᠤ ᠬᠡᠳᠡᠭ ᠨᠢ ᠬᠠᠤᠯᠢ ᠪᠤᠰᠤ ᠪᠠᠷ ᠡᠵᠡᠯᠡᠨ ᠠᠪᠬᠤ ᠪᠠᠷ ᠵᠤᠷᠢᠯᠭ᠎ᠠ ᠪᠤᠯᠭᠠᠭᠰᠠᠨ᠂ ᠪᠤᠰᠤᠳ ᠢ ᠰᠡᠷᠡᠮᠵᠢ ᠦᠬᠡᠢ ᠪᠠᠶᠢᠬᠤ ᠶᠢ ᠲᠠᠯᠢᠮᠳᠠᠭᠤᠯᠵᠤ᠂ ᠠᠯᠪᠠᠨ ᠤ ᠪᠤᠶᠤ ᠬᠤᠪᠢ ᠶᠢᠨ ᠡᠳ᠋ ᠬᠦᠷᠦᠩᠬᠡ ᠶᠢ ᠢᠯᠡ ᠪᠠᠷ ᠪᠤᠯᠢᠶᠠᠬᠤ ᠠᠵᠢᠯᠯᠠᠭ᠎ᠠ ᠶᠢ ᠵᠢᠭᠠᠨ᠎ᠠ᠃     ᠲᠤᠨᠤᠬᠤ ᠬᠡᠳᠡᠭ ᠨᠢ ᠬᠠᠤᠯᠢ ᠪᠤᠰᠤ ᠪᠠᠷ ᠡᠵᠡᠯᠡᠨ ᠠᠪᠬᠤ ᠪᠠᠷ ᠵᠤᠷᠢᠯᠭ᠎ᠠ ᠪᠤᠯᠭᠠᠭᠰᠠᠨ᠂ ᠡᠳ᠋ ᠪᠤᠳᠠᠰ ᠤᠨ ᠦᠮᠴᠢᠯᠡᠭᠴᠢ᠂ ᠬᠠᠮᠢᠶᠠᠷᠤᠭᠴᠢ ᠳᠤ ᠬᠦᠴᠦᠷᠬᠡᠭᠯᠡᠯ᠂ ᠰᠢᠬᠠᠮᠳᠤᠭᠤᠯᠭ᠎ᠠ ᠶᠠᠪᠤᠭᠤᠯᠬᠤ ᠪᠤᠶᠤ ᠪᠤᠰᠤᠳ ᠠᠷᠭ᠎ᠠ ᠪᠠᠷ ᠠᠯᠪᠠᠨ ᠤ ᠪᠠ ᠬᠤᠪᠢ ᠶᠢᠨ ᠡᠳ᠋ ᠬᠦᠷᠦᠩᠬᠡ ᠶᠢ ᠠᠯᠪᠠᠳᠠᠯᠭ᠎ᠠ ᠪᠠᠷ ᠪᠤᠯᠢᠶᠠᠨ ᠠᠪᠬᠤ ᠠᠵᠢᠯᠯᠠᠭ᠎ᠠ ᠶᠢ ᠵᠢᠭᠠᠨ᠎ᠠ᠃     ᠰᠡᠷᠬᠡᠶᠢᠯᠡᠬᠦ ᠭᠤᠤᠯᠳᠠᠯᠭ᠎ᠠ     ● ᠶᠡᠭᠡ ᠬᠡᠮᠵᠢᠶᠠᠨ ᠤ ᠵᠤᠭᠤᠰ ᠤᠨ ᠵᠤᠶᠢᠯ ᠢ ᠪᠠᠩᠬᠢ ᠳᠤ ᠬᠠᠳᠠᠭᠠᠯᠠᠬᠤ ᠪᠠᠷ ᠬᠦᠷᠬᠦ ᠳᠤ ᠪᠠᠨ ᠬᠠᠨᠢ ᠲᠠᠢ ᠶᠠᠪᠤᠬᠤ ᠶᠢᠨ ᠬᠠᠮᠳᠤ ᠰᠡᠵᠢᠭ ᠲᠠᠢ ᠡᠳᠡᠬᠡᠳ ᠪᠤᠶᠤ ᠲᠡᠷᠬᠡ ᠬᠦᠰᠬᠡ ᠳᠤ ᠬᠡᠳᠡᠭᠳᠡᠬᠦ ᠠᠴᠠ ᠰᠡᠷᠡᠮᠵᠢᠯᠡᠬᠦ ᠬᠡᠷᠡᠭᠳᠠᠢ᠃     ● ᠭᠠᠭᠴᠠᠭᠠᠷ ᠭᠠᠳᠠᠭᠰᠢ ᠭᠠᠷᠬᠤ ᠳᠤ ᠪᠠᠨ ᠦᠨ᠎ᠠ ᠴᠠᠨ᠎ᠠ ᠲᠠᠢ ᠪᠤᠳᠠᠰ ᠪᠤᠯᠤᠨ ᠶᠡᠭᠡ ᠬᠡᠮᠵᠢᠶᠠᠨ ᠤ ᠪᠡᠯᠡᠨ ᠵᠤᠭᠤᠰ ᠢ ᠠᠯᠢ ᠴᠢᠳᠠᠬᠤ ᠪᠠᠷ ᠪᠡᠶ᠎ᠠ ᠳᠤ ᠪᠠᠨ ᠠᠪᠴᠤ ᠶᠠᠪᠤᠬᠤ ᠦᠬᠡᠢ ᠪᠤᠯ ᠰᠠᠶᠢᠨ᠂ ᠶᠠᠪᠠᠭᠠᠨ ᠶᠠᠪᠤᠬᠤ ᠦᠶᠡᠰ᠂ ᠭᠠᠷ ᠪᠤᠭᠴᠦ ᠵᠡᠷᠬᠡ ᠦᠨ᠎ᠠ ᠴᠠᠨ᠎ᠠ ᠲᠠᠢ ᠪᠤᠳᠠᠰ ᠢᠶᠠᠨ ᠰᠠᠶᠢᠳᠤᠷ ᠬᠠᠮᠢᠶᠠᠷᠬᠤ ᠬᠡᠷᠡᠭᠳᠠᠢ᠃     ● ᠤᠳᠠᠰᠤ ᠨᠡᠪᠳᠡᠷᠡᠬᠦ ᠪᠤᠶᠤ ᠪᠤᠰᠤᠳ ᠢ ᠬᠦᠯᠢᠶᠡᠬᠦ ᠦᠶᠡᠰ ᠦᠪᠡᠷ ᠤᠨ ᠠᠮᠤᠷ ᠲᠦᠪᠰᠢᠨ ᠢᠶᠠᠨ ᠠᠩᠬᠠᠷᠬᠤ ᠬᠡᠷᠡᠭᠳᠠᠢ᠃     ● ᠲᠡᠷᠬᠡ ᠪᠠᠷ ᠭᠠᠳᠠᠭᠰᠢ ᠭᠠᠷᠬᠤ ᠦᠶᠡᠰ ᠲᠡᠷᠬᠡᠨ ᠡᠬᠦᠳᠠ ᠪᠠᠨ ᠤᠨᠢᠰᠤᠯᠠᠵᠤ᠂ ᠲᠡᠷᠬᠡᠨ ᠴᠤᠩᠬᠤ ᠪᠠᠨ ᠶᠡᠭᠡ ᠤᠩᠭᠤᠶᠢᠯᠭᠠᠬᠤ ᠦᠬᠡᠢ ᠪᠠᠶᠢᠬᠤ ᠬᠡᠷᠡᠭᠳᠠᠢ      ᠠᠷᠭᠠᠴᠠᠭᠠᠬᠤ ᠭᠤᠤᠯᠳᠠᠯᠭ᠎ᠠ     ● ᠬᠦᠮᠦᠨ ᠬᠠᠷ᠎ᠠ ᠴᠤᠭᠯᠠᠷᠠᠭᠰᠠᠨ ᠭᠠᠵᠠᠷ ᠲᠤᠨᠤᠭ᠎ᠠ ᠳᠤ ᠤᠴᠠᠷᠠᠪᠠᠯ ᠶᠡᠭᠡ ᠲᠠᠭᠤ ᠪᠠᠷ ᠠᠪᠤᠷᠠᠯ ᠬᠠᠰᠬᠢᠷᠴᠤ᠂ ᠬᠤᠷᠳᠤᠬᠠᠨ ᠴᠠᠭᠳᠠᠭ᠎ᠠ ᠳᠤ ᠮᠡᠳᠡᠬᠦᠯᠦᠨ᠎ᠠ᠃     ● ᠡᠰᠡᠷᠬᠦᠴᠡᠬᠦ ᠴᠢᠳᠠᠯ ᠦᠬᠡᠢ ᠪᠠᠶᠢᠳᠠᠯ ᠲᠤᠤᠷ᠎ᠠ ᠡᠳ᠋ ᠪᠤᠳᠠᠰ ᠢᠶᠠᠨ ᠤᠷᠬᠢᠵᠤ᠂ ᠠᠮᠢ ᠪᠡᠶ᠎ᠠ ᠶᠢᠨ ᠠᠮᠤᠷ ᠲᠦᠪᠰᠢᠨ ᠢᠶᠠᠨ ᠪᠠᠳᠤᠯᠠᠨ᠎ᠠ᠃     ● ᠬᠡᠷᠡᠭ ᠤᠨ ᠰᠡᠵᠢᠭᠳᠡᠨ ᠤ ᠬᠦᠮᠦᠨ ᠤ ᠲᠤᠭ᠎ᠠ᠂ ᠪᠡᠶ᠎ᠠ ᠭᠠᠳᠠᠷ᠂ ᠬᠡᠯᠡ ᠠᠶᠠᠯᠭᠤ᠂ ᠬᠡᠷᠡᠭᠯᠡᠵᠤ ᠪᠠᠶᠢᠭ᠎ᠠ ᠵᠡᠪᠰᠡᠭ᠂ ᠲᠡᠷᠬᠡ ᠶᠢᠨ ᠨᠤᠮᠧᠷ ᠵᠡᠷᠬᠡ ᠪᠠᠶᠢᠳᠠᠯ ᠢ ᠠᠯᠢ ᠴᠢᠳᠠᠬᠤ ᠪᠠᠷ ᠴᠡᠬᠡᠵᠢᠯᠡᠵᠤ ᠠᠪᠬᠤ ᠶᠢᠨ ᠬᠠᠮᠳᠤ ᠲᠤᠬᠠᠢ ᠶᠢᠨ ᠲᠠᠯᠠᠪᠤᠷ ᠲᠤ ᠬᠡᠷᠡᠴᠢᠯᠡᠵᠤ ᠲᠡᠶᠢᠯᠬᠦ ᠬᠦᠮᠦᠨ ᠢ ᠬᠤᠴᠤᠷᠭᠠᠵᠤ ᠠᠪᠤᠨ᠎ᠠ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠣᠯᠲᠠ ᠶᠢᠨ ᠲᠣᠪᠴᠢᠶ᠎ᠠ