| | | | ᠲᠠᠮᠵᠢᠭᠤᠯᠤᠨ ᠪᠤᠷᠤᠯᠠᠭᠤᠯᠬᠤ ᠬᠡᠳᠡᠭ ᠨᠢ ᠵᠤᠬᠢᠶᠠᠨ ᠪᠠᠶᠢᠭᠤᠯᠤᠭᠴᠢ ᠠᠴᠠ ᠰᠢᠭᠤᠳ ᠪᠤᠶᠤ ᠲᠠᠮ ᠢᠶᠠᠷ ᠡᠯᠰᠡᠭᠰᠡᠨ ᠬᠦᠮᠦᠨ ᠤ ᠲᠤᠭ᠎ᠠ ᠪᠤᠶᠤ ᠪᠤᠷᠤᠯᠠᠭᠤᠯᠭ᠎ᠠ | ᠶᠢᠨ ᠪᠦᠳᠦᠮᠵᠢ ᠶᠢ ᠦᠨᠳᠦᠰᠦᠯᠡᠵᠤ ᠬᠦᠯᠦᠰᠦ ᠤᠯᠭᠤᠮᠵᠢ ᠤᠯᠭᠤᠬᠤ ᠦᠭᠶᠦᠬᠡ ᠪᠤᠯᠭᠠᠨ ᠵᠤᠬᠢᠬᠤ ᠬᠡᠮᠵᠢᠶᠠᠨ ᠤ ᠰᠦᠢᠳᠬᠡᠯ ᠲᠤᠰᠢᠶᠠᠵᠤ ᠤᠷᠤᠯᠴᠠᠬᠤ ᠬᠢᠷᠢ ᠬᠡᠮ | ᠢᠶᠠᠨ ᠤᠯᠬᠤ ᠶᠢ ᠱᠠᠭᠠᠷᠳᠠᠬᠤ ᠵᠡᠷᠬᠡ ᠠᠷᠭ᠎ᠠ ᠪᠠᠷ ᠬᠠᠤᠯᠢ ᠪᠤᠰᠤ ᠠᠰᠢᠭ ᠤᠯᠳᠠᠭ ᠠᠵᠤ ᠠᠬᠤᠢ ᠶᠢᠨ ᠶᠠᠯᠠᠳᠤ ᠠᠵᠢᠯᠯᠠᠭᠠᠨ ᠢ ᠵᠢᠭᠠᠨ᠎ᠠ᠃ ᠭᠤᠤᠯᠳᠠᠭᠤ ︽ᠬᠦᠮᠦᠨ | ᠲᠠᠳᠠᠬᠤ︾᠂ ︽ᠲᠠᠨᠢᠯ ᠬᠦᠮᠦᠰ ᠢᠶᠠᠨ ᠤᠷᠤᠯᠴᠠᠭᠤᠯᠬᠤ ︾ ᠵᠡᠷᠬᠡ ᠠᠷᠭ᠎ᠠ ᠢᠯᠡᠷᠡᠨ᠎ᠠ᠃ | ᠰᠡᠷᠬᠡᠶᠢᠯᠡᠬᠦ ᠭᠤᠤᠯᠳᠠᠯᠭ᠎ᠠ | ● ︽ᠲᠠᠮᠵᠢᠭᠤᠯᠤᠨ ᠪᠤᠷᠤᠯᠠᠭᠤᠯᠬᠤ ᠪᠤᠯ ᠬᠠᠤᠯᠢ ᠠᠴᠠ ᠵᠦᠷᠢᠴᠡᠭᠰᠡᠨ ᠠᠵᠢᠯᠯᠠᠭ᠎ᠠ ᠮᠦᠨ︾ ᠬᠡᠬᠦ ᠤᠬᠠᠮᠰᠠᠷ ᠲᠠᠨᠢᠯᠳᠠ ᠶᠢ ᠪᠤᠢ ᠪᠤᠯᠭᠠᠬᠤ ᠬᠡᠷᠡᠭᠳᠠᠢ᠃ | ᠠᠵᠢᠯᠴᠢᠨ ᠡᠯᠰᠡᠬᠦ᠂ ᠠᠷᠠᠯᠵᠢᠶ᠎ᠠ ᠬᠢᠬᠦ᠂ ᠦᠨᠳᠦᠷ ᠬᠦᠯᠦᠰᠦ ᠤᠯᠭᠤᠮᠵᠢ ᠤᠯᠬᠤ ᠬᠡᠬᠦ ᠮᠡᠳᠦ ᠶᠢᠨ ᠦᠭᠶᠦᠬᠡ ᠪᠠᠷ ᠵᠤᠭᠤᠰ ᠢᠶᠠᠨ ᠲᠤᠰᠢᠶᠠᠵᠤ ᠡᠯᠰᠡᠭᠳᠡᠬᠦ | ᠱᠠᠭᠠᠷᠳᠠᠯᠭ᠎ᠠ ᠶᠢ ᠰᠡᠷᠡᠮᠵᠢᠯᠡᠨ ᠬᠢᠴᠢᠶᠡᠬᠦ ᠬᠡᠷᠡᠭᠳᠠᠢ᠃ | ᠠᠷᠭᠠᠴᠠᠭᠠᠬᠤ ᠭᠤᠤᠯᠳᠠᠯᠭ᠎ᠠ | ● ᠭᠠᠳᠠᠷ ᠤᠷᠤᠨ ᠳᠤ ᠮᠡᠬᠡᠯᠡᠭᠳᠡᠨ ᠤᠴᠢᠭᠰᠠᠨ ᠤ ᠲᠠᠷᠠᠭ᠎ᠠ᠂ ᠨᠠᠶᠢᠵᠠ ᠴᠢᠨᠢ ᠬᠡᠷᠪᠡ ᠠᠵᠢᠯ᠂ ᠠᠷᠠᠯᠵᠢᠶ᠎ᠠ ᠶᠢ ᠶᠠᠭᠠᠬᠢᠭᠰᠡᠨ ᠴᠤ ᠶᠠᠷᠢᠯᠴᠠᠬᠤ ᠦᠬᠡᠢ | ᠪᠦᠬᠡᠳ ᠬᠠᠷᠢᠨ ᠪᠡᠶ᠎ᠠ ᠶᠢᠨ ᠦᠨᠡᠮᠯᠡᠯ ᠢ ᠴᠢᠨᠢ ᠦᠵᠡᠬᠦ᠂ ᠤᠳᠠᠰᠤ ᠶᠢ ᠴᠢᠨᠢ ᠵᠢᠬᠡᠯᠡᠵᠤ ᠤᠳᠠᠰᠤ ᠨᠡᠪᠳᠡᠷᠡᠬᠦ ᠵᠡᠷᠬᠡ ᠬᠡᠪ ᠤᠨ ᠪᠤᠰᠤ ᠪᠠᠶᠢᠳᠠᠯ ᠲᠠᠢ ᠪᠤᠯ ᠠᠷᠭ᠎ᠠ | ᠰᠦᠪᠡᠭᠴᠢᠯᠡᠵᠤ ᠵᠠᠶᠢᠯᠠᠨ ᠲᠤᠳᠠᠭᠠᠬᠤ ᠪᠤᠶᠤ ᠴᠠᠭᠳᠠᠭ᠎ᠠ ᠳᠤ ᠮᠡᠳᠡᠬᠦᠯᠬᠦ ᠬᠡᠷᠡᠭᠳᠠᠢ᠃ | ● ᠲᠡᠮᠵᠢᠭᠤᠯᠤᠨ ᠪᠤᠷᠤᠯᠠᠭᠤᠯᠬᠤ ᠵᠤᠬᠢᠶᠠᠨ ᠪᠠᠶᠢᠭᠤᠯᠤᠯᠳᠠ ᠳᠤ ᠮᠡᠬᠡᠯᠡᠭᠳᠡᠨ ᠤᠷᠤᠭᠰᠠᠨ ᠢᠶᠠᠨ ᠰᠡᠷᠡᠵᠤ ᠮᠡᠳᠡᠪᠡᠯ ᠰᠦᠢᠳᠬᠡᠯ ᠲᠤᠰᠢᠶᠠᠭᠰᠠᠨ ᠪᠠᠷᠢᠮᠳᠠ᠂ | ᠲᠠᠨᠢᠯᠴᠠᠭᠤᠯᠤᠭᠴᠢ ᠵᠢᠴᠢ ᠲᠡᠬᠡᠳᠦ ᠲᠠᠪᠬᠤᠷᠭ᠎ᠠ ᠶᠢᠨ ᠬᠤᠯᠪᠤᠭ᠎ᠠ ᠠᠪᠬᠤ ᠬᠦᠮᠦᠨ ᠤ ᠨᠡᠷ᠎ᠠ ᠵᠡᠷᠬᠡ ᠬᠡᠷᠡᠴᠢ ᠭᠤᠭᠴᠤᠭ᠎ᠠ ᠶᠢ ᠴᠤᠭᠯᠠᠭᠤᠯᠤᠨ ᠬᠠᠳᠠᠭᠠᠯᠠᠬᠤ ᠬᠡᠷᠡᠭᠳᠠᠢ | ᠃ | ● ᠭᠠᠳᠠᠷ ᠤᠷᠤᠨ ᠳᠤ ᠮᠡᠬᠡᠯᠡᠭᠳᠡᠨ ᠬᠦᠴᠦ ᠲᠠᠮᠵᠢᠭᠤᠯᠤᠨ ᠪᠤᠷᠤᠯᠠᠭᠤᠯᠭ᠎ᠠ ᠬᠢᠵᠤ ᠪᠠᠶᠢᠭ᠎ᠠ ᠨᠠᠶᠢᠵᠠ ᠨᠦᠬᠦᠳ ᠢᠶᠠᠨ ᠲᠠᠮᠵᠢᠭᠤᠯᠤᠨ ᠪᠤᠷᠤᠯᠠᠭᠤᠯᠬᠤ ᠵᠤᠬᠢᠶᠠᠨ | ᠪᠠᠶᠢᠭᠤᠯᠤᠯᠳᠠ ᠠᠴᠠ ᠬᠤᠷᠳᠤᠬᠠᠨ ᠵᠠᠶᠢᠳᠠᠬᠤ ᠶᠢ ᠢᠳᠬᠠᠨ ᠰᠤᠷᠭᠠᠬᠤ ᠬᠡᠷᠡᠭᠳᠠᠢ᠃ ᠢᠳᠬᠠᠨ ᠰᠤᠷᠭᠠᠭᠠᠳ ᠪᠦᠳᠦᠮᠵᠢ ᠦᠬᠡᠢ ᠪᠤᠯ ᠠᠷᠭ᠎ᠠ ᠰᠦᠪᠡᠭᠴᠢᠯᠡᠨ ᠲᠡᠬᠦᠨ | ᠤ ᠪᠠᠶᠢᠭ᠎ᠠ ᠭᠠᠵᠠᠷ ᠤᠨ ᠨᠠᠷᠢᠨ ᠬᠠᠶ᠋ᠢᠭ ᠢ ᠲᠤᠳᠤᠷᠬᠠᠶᠢᠯᠠᠵᠤ᠂ ᠲᠤᠬᠢᠶᠠᠯ ᠡᠷᠢᠨ ᠲᠤᠬᠠᠢ ᠶᠢᠨ ᠭᠠᠵᠠᠷ ᠤᠨ ᠲᠤᠳᠤᠭᠠᠳᠤ ᠶᠢ ᠬᠠᠮᠠᠭᠠᠯᠠᠬᠤ ᠰᠠᠯᠠᠭ᠎ᠠ ᠮᠦᠴᠢᠷ᠂ | ᠠᠷᠠᠯᠵᠢᠶ᠎ᠠ ᠬᠤᠳᠠᠯᠳᠤᠭᠠᠨ ᠤ ᠪᠠᠶᠢᠭᠤᠯᠭ᠎ᠠ ᠳᠤ ᠢᠯᠡᠴᠢᠯᠡᠨ ᠮᠡᠳᠡᠬᠦᠯᠦᠨ᠎ᠠ᠃ | |