ᠪᠠᠷᠢᠴᠠᠭᠠᠯᠠᠬᠤ
ᠨᠡᠶᠢᠲᠡᠯᠡᠭᠰᠡᠨ ᠴᠠᠭ᠄
2022/9/28
      ᠪᠠᠷᠢᠴᠠᠭᠠᠯᠠᠬᠤ ᠬᠡᠳᠡᠭ ᠨᠢ ᠡᠳ᠋ ᠪᠤᠳᠠᠰ ᠬᠢᠬᠠᠨ ᠠᠪᠬᠤ ᠪᠤᠶᠤ ᠪᠤᠰᠤᠳ ᠬᠠᠤᠯᠢ ᠪᠤᠰᠤ ᠱᠠᠭᠠᠷᠳᠠᠯᠭ᠎ᠠ ᠪᠠᠨ ᠬᠠᠩᠭᠠᠬᠤ ᠪᠠᠷ ᠵᠤᠷᠢᠯᠭ᠎ᠠ ᠪᠤᠯᠭᠠᠭᠰᠠᠨ ᠬᠦᠴᠦᠷᠬᠡᠭᠯᠡᠯ᠂ ᠰᠦᠷᠳᠡᠬᠦᠯᠬᠦ ᠪᠠ ᠮᠢᠨᠴᠦᠬᠦᠷᠡᠬᠦᠯᠬᠦ ᠵᠡᠷᠬᠡ ᠠᠷᠭ᠎ᠠ ᠪᠠᠷ ᠪᠤᠰᠤᠳ ᠬᠦᠮᠦᠨ ᠢ ᠤᠤᠯᠭᠠᠯᠠᠬᠤ ᠪᠤᠶᠤ ᠬᠦᠴᠦᠨ ᠢᠶᠠᠷ ᠬᠢᠵᠠᠭᠠᠷᠯᠠᠬᠤ ᠠᠵᠢᠯᠯᠠᠭ᠎ᠠ ᠶᠢ ᠵᠢᠭᠠᠨ᠎ᠠ᠃     ᠰᠡᠷᠬᠡᠶᠢᠯᠡᠬᠦ ᠭᠤᠤᠯᠳᠠᠯᠭ᠎ᠠ     ●ᠬᠡᠷ ᠤᠨ ᠢᠶᠠᠨ ᠡᠳ᠋ ᠬᠦᠷᠦᠩᠬᠡ ᠶᠢ ᠭᠠᠳᠠᠭᠰᠢ ᠭᠠᠶᠢᠬᠠᠭᠤᠯᠤᠭᠰᠠᠨ ᠤ ᠬᠡᠷᠡᠭ ᠦᠬᠡᠢ᠃     ● ᠵᠠᠮ ᠲᠤᠮᠳᠠ ᠪᠠᠨ ᠬᠡᠳᠡᠭᠳᠡᠭᠰᠡᠨ ᠢᠶᠠᠨ ᠰᠡᠷᠡᠵᠤ ᠮᠡᠳᠡᠪᠡᠯ ᠬᠦᠮᠦᠨ ᠬᠠᠷ᠎ᠠ ᠤᠯᠠᠨ ᠪᠤᠶᠤ ᠬᠡᠷᠡᠯ ᠬᠡᠬᠡ ᠲᠠᠢ ᠭᠠᠵᠠᠷ ᠢᠶᠠᠷ ᠶᠠᠪᠤᠬᠤ ᠬᠡᠷᠡᠭᠳᠠᠢ᠃ ᠬᠡᠷᠪᠡ ᠬᠠᠷᠠᠩᠭᠤᠢ ᠰᠦᠨᠢ ᠪᠤᠶᠤ ᠭᠤᠳᠤᠮᠵᠢ ᠪᠠᠷ ᠶᠠᠪᠤᠵᠤ ᠪᠠᠶᠢᠪᠠᠯ ᠵᠠᠮ ᠤᠨ ᠬᠠᠵᠠᠭᠤ ᠳᠤ ᠵᠤᠭᠰᠤᠵᠤ ᠪᠠᠶᠢᠭ᠎ᠠ ᠲᠡᠷᠬᠡ ᠶᠢ ᠢᠰᠬᠦᠯᠬᠦ ᠪᠤᠶᠤ ᠴᠤᠬᠢᠬᠤ ᠵᠡᠷᠬᠡ ᠠᠷᠭ᠎ᠠ ᠪᠠᠷ ᠰᠡᠷᠡᠮᠵᠢ ᠶᠢᠨ ᠲᠤᠬᠢᠶ᠎ᠠ ᠶᠢ ᠲᠤᠤᠭᠠᠷᠬᠤ ᠪᠤᠶᠤ ᠶᠡᠭᠡ ᠲᠠᠭᠤ ᠪᠠᠷ ᠬᠠᠰᠬᠢᠷᠴᠤ ᠪᠤᠰᠤᠳ ᠤᠨ ᠠᠩᠬᠠᠷᠤᠯ ᠢ ᠲᠠᠳᠠᠨ᠎ᠠ᠃     ᠠᠷᠭᠠᠴᠠᠭᠠᠬᠤ ᠭᠤᠤᠯᠳᠠᠯᠭ᠎ᠠ    ● ᠪᠠᠷᠢᠴᠠᠭᠠᠯᠠᠭᠳᠠᠭᠰᠠᠨ ᠬᠦᠮᠦᠨ ᠠᠯᠢ ᠴᠢᠳᠠᠬᠤ ᠪᠠᠷ ᠲᠤᠭᠳᠠᠭᠤᠨ ᠲᠠᠶᠢᠪᠤᠭᠤᠨ ᠢᠶᠠᠷ ᠪᠠᠶᠢᠭ᠎ᠠ ᠭᠠᠵᠠᠷ ᠢᠶᠠᠨ ᠲᠤᠳᠤᠷᠬᠠᠶᠢᠯᠠᠨ᠂ ᠶᠠᠯᠠᠳᠤ ᠡᠳᠡᠬᠡᠳ ᠤᠨ ᠤᠨᠴᠠᠯᠢᠭ ᠵᠡᠷᠬᠡ ᠶᠢ ᠴᠡᠬᠡᠵᠢᠯᠡᠵᠤ ᠠᠪᠬᠤ ᠶᠢᠨ ᠬᠠᠮᠳᠤ ᠲᠠᠮᠢᠷ ᠢᠶᠠᠨ ᠨᠦᠬᠡᠴᠡᠯᠡᠬᠦ ᠶᠢ ᠠᠩᠬᠠᠷᠴᠤ᠂ ᠠᠷᠭ᠎ᠠ ᠰᠦᠪᠡᠭᠴᠢᠯᠡᠨ ᠠᠪᠤᠷᠠᠯ ᠭᠤᠶᠤᠬᠤ ᠴᠢᠮᠡᠭᠡ ᠲᠠᠮᠵᠢᠭᠤᠯᠬᠤ ᠬᠡᠷᠡᠭᠳᠠᠢ᠃    ● ᠠᠰᠢᠭᠳᠠᠢ ᠲᠤᠬᠢᠶᠠᠯ ᠡᠷᠢᠵᠤ᠂ ᠠᠮᠤᠷ ᠲᠦᠪᠰᠢᠨ ᠢᠶᠠᠨ ᠪᠠᠳᠤᠯᠠᠭᠰᠠᠨ ᠰᠠᠭᠤᠷᠢᠨ ᠲᠡᠬᠡᠷ᠎ᠠ ᠠᠷᠭ᠎ᠠ ᠰᠦᠪᠡᠭᠴᠢᠯᠡᠨ ᠲᠤᠳᠠᠭᠠᠨ ᠵᠠᠶᠢᠯᠠᠬᠤ ᠶᠢᠨ ᠬᠠᠮᠳᠤ ᠲᠠᠷᠤᠶᠢᠬᠠᠨ ᠴᠠᠭᠳᠠᠭ᠎ᠠ ᠳᠤ ᠮᠡᠳᠡᠬᠦᠯᠦᠨ᠎ᠠ᠃    ● ᠪᠠᠷᠢᠴᠠᠭᠠᠯᠠᠭᠳᠠᠭᠰᠠᠳ ᠤᠨ ᠲᠦᠷᠦᠯ ᠰᠠᠳᠤᠨ ᠨᠠᠶᠢᠵᠠ ᠨᠦᠬᠦᠳ ᠨᠢ ᠲᠠᠯᠳᠠᠭᠤᠷ ᠬᠡᠷᠡᠭ ᠮᠡᠳᠡᠬᠦᠯᠵᠤ᠂ ᠴᠠᠭᠳᠠᠭᠠᠨ ᠤ ᠲᠠᠯ᠎ᠠ ᠶᠢᠨ ᠬᠢᠨ ᠤ ᠬᠡᠷᠡᠭ ᠤᠨ ᠰᠡᠵᠢᠭᠳᠡᠨ ᠲᠠᠢ ᠬᠠᠷᠢᠯᠴᠠᠭ᠎ᠠ ᠠᠪᠴᠤ᠂ ᠲᠡᠳᠡᠨ ᠤ ᠠᠪᠤᠷᠠᠯᠳᠠ ᠶᠢᠨ ᠲᠦᠰᠦᠪ ᠶᠤᠰᠤᠭᠠᠷ ᠠᠪᠤᠷᠠᠯᠳᠠ ᠶᠢᠨ ᠠᠵᠢᠯᠯᠠᠭ᠎ᠠ ᠳᠤ ᠤᠷᠤᠯᠴᠠᠨ᠎ᠠ᠂ ᠲᠤᠷ᠎ᠠ ᠪᠠᠷ ᠡᠵᠡᠨ ᠮᠡᠳᠡᠵᠤ ᠪᠤᠯᠬᠤ ᠦᠬᠡᠢ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠣᠯᠲᠠ ᠶᠢᠨ ᠲᠣᠪᠴᠢᠶ᠎ᠠ