| | | | ᠡᠮᠡᠭᠳᠠᠶᠢᠴᠤᠳ ᠪᠤᠶᠤ ᠬᠡᠦᠬᠡᠳ ᠢ ᠮᠡᠬᠡᠯᠡᠨ ᠬᠤᠳᠠᠯᠳᠤᠬᠤ ᠬᠡᠳᠡᠭ ᠨᠢ ᠬᠤᠳᠠᠯᠳᠤᠬᠤ ᠪᠠᠷ ᠵᠤᠷᠢᠯᠭ᠎ᠠ ᠪᠤᠯᠭᠠᠭᠰᠠᠨ᠂ ᠡᠮᠡᠭᠳᠠᠶᠢᠴᠤᠳ ᠪᠤᠶᠤ ᠬᠡᠦᠬᠡᠳ ᠢ | ᠮᠡᠬᠡᠯᠡᠵᠤ ᠠᠪᠠᠴᠢᠬᠤ᠂ ᠬᠤᠳᠠᠯᠳᠤᠨ ᠠᠪᠬᠤ᠂ ᠫᠠᠨᠽᠠᠯᠠᠬᠤ᠂ ᠲᠤᠰᠴᠤ ᠬᠦᠷᠬᠡᠬᠦ᠂ ᠭᠠᠷ ᠲᠠᠮᠵᠢᠭᠤᠯᠤᠨ ᠬᠤᠳᠠᠯᠳᠤᠬᠤ ᠠᠵᠢᠯᠯᠠᠭ᠎ᠠ ᠶᠢ ᠵᠢᠭᠠᠨ᠎ᠠ᠃ | ᠰᠡᠷᠬᠡᠶᠢᠯᠡᠬᠦ ᠭᠤᠤᠯᠳᠠᠯᠭ᠎ᠠ | ●ᠲᠠᠨᠢᠯ ᠪᠤᠰᠤ ᠬᠦᠮᠦᠨ ᠤ ᠲᠡᠮᠵᠢᠯᠬᠡ ᠶᠢ ᠬᠦᠯᠢᠶᠡᠬᠦ ᠦᠬᠡᠢ᠂ ᠪᠤᠰᠤᠳ ᠤᠨ ᠠᠮᠠᠯᠠᠯᠳᠠ ᠶᠢ ᠬᠦᠩᠬᠡᠡ ᠬᠠᠭᠤᠳᠠᠮ ᠢᠶᠠᠷ ᠢᠳᠡᠬᠡᠬᠦ ᠦᠬᠡᠢ ᠪᠠᠶᠢᠪᠠᠯ ᠵᠤᠬᠢᠨ᠎ᠠ | ᠃ | ● ᠭᠠᠳᠠᠭᠰᠢ ᠭᠠᠷᠬᠤ ᠳᠤ ᠪᠠᠨ ᠲᠦᠷᠦᠯ ᠰᠠᠳᠤᠨ ᠨᠠᠶᠢᠵᠠ ᠨᠦᠬᠦᠳ ᠲᠤ ᠪᠠᠨ ᠬᠠᠮᠢᠭ᠎ᠠ ᠤᠴᠢᠬᠤ ᠪᠠᠨ ᠮᠡᠳᠡᠬᠦᠯᠵᠤ ᠪᠠᠶᠢᠬᠤ ᠬᠡᠷᠡᠭᠳᠠᠢ᠃ | ● ᠬᠡᠷ ᠪᠦᠯᠢ ᠪᠠᠷ ᠢᠶᠠᠨ ᠡᠶ᠎ᠡ ᠨᠠᠶᠢᠷᠠᠳᠠᠢ ᠪᠠᠶᠢᠵᠤ᠂ ᠬᠡᠷ ᠪᠦᠯᠢ ᠶᠢᠨ ᠵᠦᠷᠢᠴᠡᠯ ᠠᠴᠠ ᠪᠤᠯᠵᠤ ᠭᠠᠳᠠᠭᠰᠢ ᠭᠠᠷᠴᠤ ᠶᠠᠪᠤᠬᠤ ᠶᠢ ᠰᠡᠷᠬᠡᠶᠢᠯᠡᠵᠤ᠂ ᠬᠡᠷᠡᠭ ᠤᠨ | ᠰᠡᠵᠢᠭᠳᠡᠳ ᠲᠤ ᠲᠤᠬᠢᠶᠠᠯ ᠤᠯᠭᠤᠬᠤ ᠦᠬᠡᠢ ᠪᠠᠶᠢᠬᠤ ᠬᠡᠷᠡᠭᠳᠠᠢ᠃ | ᠠᠵᠢᠯ ᠡᠷᠢᠬᠦ ᠳᠤ ᠪᠠᠨ ᠵᠢᠩᠬᠢᠨᠢ ᠲᠠᠩᠰᠠ ᠲᠠᠢ ᠠᠵᠢᠯ ᠲᠠᠨᠢᠯᠴᠠᠭᠤᠯᠬᠤ ᠭᠠᠵᠠᠷ ᠢ ᠡᠷᠢᠵᠤ᠂ ᠵᠡᠬᠡᠯᠢ ᠭᠤᠳᠤᠮᠵᠢ᠂ ᠲᠡᠷᠬᠡᠨ ᠦᠷᠳᠡᠭᠡ ᠵᠡᠷᠬᠡ ᠲᠠᠯᠠᠪᠤᠷ ᠳᠠᠬᠢ | ᠦᠳᠦᠬᠡᠨ ᠲᠠᠳᠠᠬᠤ ᠠᠵᠢᠯᠯᠠᠭ᠎ᠠ ᠶᠢ ᠡᠷᠡᠰ ᠲᠡᠪᠴᠢᠬᠦ ᠬᠡᠷᠡᠭᠳᠠᠢ᠃ | ᠠᠷᠭᠠᠴᠠᠭᠠᠬᠤ ᠭᠤᠤᠯᠳᠠᠯᠭ᠎ᠠ | ● ᠲᠠᠷᠤᠶᠢᠬᠠᠨ ᠴᠠᠭᠳᠠᠭ᠎ᠠ ᠳᠤ ᠮᠡᠳᠡᠬᠦᠯᠦᠨ᠎ᠠ᠃ | ●ᠡᠷᠬᠢᠨ ᠲᠤᠭᠤᠷᠢᠨ ᠤ ᠪᠠᠶᠢᠳᠠᠯ ᠢ ᠠᠵᠢᠭᠯᠠᠵᠤ᠂ ᠬᠦᠮᠦᠨ ᠤᠯᠠᠨ ᠪᠤᠯᠬᠤ ᠦᠶᠡᠰ ᠲᠤ ᠲᠡᠬᠡᠷ᠎ᠠ ᠲᠠᠭᠤ ᠪᠠᠷ ᠠᠪᠤᠷᠠᠯ ᠬᠠᠰᠬᠢᠷᠠᠨᠠ᠃ | ᠲᠤᠬᠢᠶᠠᠯ ᠡᠷᠢᠵᠤ᠂ ᠴᠢᠮᠡᠭᠡ ᠲᠠᠮᠵᠢᠭᠤᠯᠤᠨ ᠠᠪᠤᠷᠠᠯ ᠬᠦᠰᠡᠨ᠎ᠠ᠃ |