| | | | ᠡᠪᠡᠳᠴᠢᠳᠠᠨ ᠰᠢᠷᠠᠭᠳᠤᠭᠰᠠᠨ ᠪᠤᠶᠤ ᠡᠪᠡᠳᠴᠢᠨ ᠬᠦᠳᠡᠯᠦᠭᠰᠡᠨ ᠦᠶ᠎ᠠ ᠪᠤᠯ ᠪᠠᠴᠢᠮ ᠠᠪᠤᠷᠠᠯᠳᠠ ᠬᠢᠬᠦ ᠵᠠᠩᠬᠢᠯᠠᠭ᠎ᠠ ᠶᠢᠨ ᠴᠠᠭ ᠪᠤᠯᠤᠨ᠎ᠠ᠂ ᠪᠠᠴᠢᠮ | ᠠᠪᠤᠷᠠᠯᠳᠠ ᠶᠢᠨ ᠠᠯᠬᠤᠮ ᠲᠠᠷᠠᠭ᠎ᠠ ᠶᠢ ᠦᠢᠯᠠᠭᠠᠬᠤ ᠨᠢ ᠬᠡᠷᠡᠭ ᠡᠬᠦᠰᠦᠭᠰᠡᠨ ᠲᠤᠬᠠᠢ ᠶᠢᠨ ᠲᠠᠯᠠᠪᠤᠷ ᠲᠤ ᠡᠪᠡᠳᠴᠢᠳᠠᠨ ᠳᠤ ᠵᠦᠪ ᠤᠨᠤᠪᠴᠢᠳᠠᠢ ᠪᠠᠴᠢᠮ | ᠠᠪᠤᠷᠠᠯᠳᠠ ᠬᠢᠬᠦ ᠳᠤ ᠲᠤᠰᠠᠯᠠᠮᠵᠢ ᠪᠤᠯᠬᠤ ᠪᠦᠬᠡᠳ ᠡᠮᠨᠡᠯᠬᠡ ᠶᠢᠨ ᠬᠤᠷᠢᠶᠠᠨ ᠤ ᠠᠪᠤᠷᠠᠯᠳᠠ ᠡᠮᠴᠢᠯᠡᠭᠡ ᠳᠤ ᠨᠦᠬᠦᠴᠡᠯ ᠪᠦᠷᠢᠯᠳᠦᠬᠦᠯᠦᠨ ᠦᠭᠴᠦ᠂ ᠡᠪᠡᠳᠴᠢᠳᠠᠨ | ᠤ ᠰᠢᠷᠠᠭᠳᠤᠵᠤ ᠵᠡᠮᠳᠡᠭ ᠪᠤᠯᠬᠤ ᠠᠶᠤᠮᠰᠢᠭ ᠢ ᠪᠠᠭᠠᠰᠬᠠᠵᠤ ᠴᠢᠳᠠᠨ᠎ᠠ᠃ | 1᠂ ᠬᠡᠷᠡᠭ ᠤᠨ ᠲᠠᠯᠠᠪᠠᠢ ᠶᠢ ᠮᠠᠭᠠᠳᠯᠠᠬᠤ | ᠬᠡᠷᠡᠭ ᠤᠨ ᠲᠠᠯᠠᠪᠠᠢ ᠶᠢᠨ ᠠᠮᠤᠷ ᠲᠦᠪᠰᠢᠨ ᠤ ᠪᠠᠶᠢᠳᠠᠯ᠂ ᠬᠡᠨᠡᠳᠡᠯ ᠡᠬᠦᠰᠦᠭᠰᠡᠨ ᠰᠢᠯᠳᠠᠭᠠᠨ᠂ ᠰᠢᠷᠠᠭᠳᠤᠭᠰᠠᠨ ᠬᠦᠮᠦᠨ ᠤ ᠲᠤᠭ᠎ᠠ᠂ ᠰᠢᠷᠠᠭᠳᠤᠭᠰᠠᠨ | ᠪᠠᠶᠢᠳᠠᠯ ᠵᠡᠷᠬᠡ ᠶᠢ ᠦᠨᠳᠦᠰᠦᠯᠡᠨ᠂ ᠶᠠᠮᠠᠷ ᠲᠡᠮᠵᠢᠯᠬᠡ ᠬᠡᠷᠡᠭᠰᠡᠬᠦ ᠪᠠ ᠶᠠᠮᠠᠷ ᠠᠪᠤᠷᠠᠯᠳᠠ ᠬᠢᠬᠦ ᠴᠢᠬᠤᠯᠠᠳᠠᠢ ᠶᠢ ᠮᠠᠭᠠᠳᠯᠠᠨ᠎ᠠ᠃ | 2᠂120 ᠪᠠᠴᠢᠮ ᠠᠪᠤᠷᠠᠯᠳᠠ ᠳᠤ ᠤᠳᠠᠰᠤᠳᠠᠨ᠎ᠠ | ᠰᠢᠷᠠᠭᠳᠤᠭᠰᠠᠨ ᠬᠡᠮᠵᠢᠶ᠎ᠠ᠂ ᠬᠡᠨᠡᠳᠡᠯ ᠡᠬᠦᠰᠦᠭᠰᠡᠨ ᠰᠢᠯᠳᠠᠭᠠᠨ ᠢ ᠲᠤᠪᠴᠢ ᠦᠢᠯᠠᠭᠠᠮᠵᠢᠳᠠᠢ ᠮᠡᠳᠡᠬᠦᠯᠵᠤ᠂120 ᠪᠠᠴᠢᠮ ᠠᠪᠤᠷᠠᠯᠳᠠ ᠶᠢᠨ ᠠᠵᠢᠯᠳᠠ ᠤ | ᠠᠰᠠᠭᠤᠯᠳᠠ ᠶᠢ ᠤᠨᠤᠪᠴᠢᠳᠠᠢ ᠬᠠᠷᠢᠭᠤᠯᠵᠤ ᠵᠢᠯᠤᠭᠤᠳᠤᠯᠭ᠎ᠠ ᠶᠢ ᠨᠢ ᠰᠤᠨᠤᠰᠤᠨ᠎ᠠ᠃ | 3᠂ ᠦᠨᠳᠦᠰᠦᠨ ᠪᠠᠶᠢᠴᠠᠭᠠᠯᠳᠠ | ᠰᠢᠷᠠᠭᠳᠤᠭᠰᠠᠨ ᠬᠦᠮᠦᠨ ᠤ ᠰᠡᠷᠬᠡᠭ ᠪᠠᠶᠢᠬᠤ ᠡᠰᠡᠬᠦ ᠶᠢ ᠪᠠᠶᠢᠴᠠᠭᠠᠵᠤ᠂ ᠠᠮᠢᠰᠬᠤᠯ ᠰᠢᠯᠤᠭᠤᠨ ᠪᠠᠶᠢᠬᠤ ᠡᠰᠡᠬᠦ ᠶᠢ ᠦᠵᠡᠨ᠎ᠠ᠃ ᠬᠦᠵᠦᠬᠦᠨ ᠤ ᠲᠠᠷᠬᠠᠭᠠᠬᠤ | ᠰᠤᠳᠠᠯ ᠯᠤᠭᠰᠢᠵᠤ ᠪᠠᠶᠢᠬᠤ ᠡᠰᠡᠬᠦ᠂ ᠠᠮᠢᠰᠬᠤᠯ ᠲᠠᠢ ᠪᠠᠶᠢᠬᠤ ᠡᠰᠡᠬᠦ᠂ ᠴᠢᠰᠤ ᠶᠡᠭᠡ ᠭᠠᠷᠤᠭᠰᠠᠨ ᠡᠰᠡᠬᠦ᠂ ᠰᠢᠷᠠᠭᠳᠤᠭᠰᠠᠨ ᠪᠠᠶᠢᠷᠢ ᠵᠢᠴᠢ ᠰᠢᠷᠠᠭᠳᠤᠭᠰᠠᠨ | ᠬᠡᠮᠵᠢᠶ᠎ᠠ ᠶᠢ ᠪᠠᠶᠢᠴᠠᠭᠠᠨ ᠦᠵᠡᠨ᠎ᠠ᠃ | 4᠂ ᠦᠪᠡᠷ ᠢ ᠪᠠᠨ ᠠᠪᠤᠷᠠᠵᠤ᠂ ᠬᠠᠷᠢᠯᠴᠠᠨ ᠠᠪᠤᠷᠠᠬᠤ | ᠦᠨᠳᠦᠰᠦᠨ ᠪᠠᠶᠢᠴᠠᠭᠠᠯᠳᠠ ᠶᠢ ᠦᠨᠳᠦᠰᠦᠯᠡᠵᠤ᠂ ᠦᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠬᠠᠮᠢᠶ᠎ᠠ ᠪᠦᠬᠦᠢ ᠠᠷᠭ᠎ᠠ ᠬᠡᠮᠵᠢᠶ᠎ᠠ ᠠᠪᠤᠨ᠎ᠠ᠃ | ᠬᠡᠷ ᠪᠦᠯᠢ ᠶᠢᠨ ᠪᠠᠴᠢᠮ ᠠᠪᠤᠷᠠᠯᠳᠠ ᠶᠢᠨ ᠬᠡᠷᠡᠭᠰᠡᠯ ᠢ ᠲᠤᠬᠢᠷᠠᠭᠤᠯᠬᠤ ᠳᠤ ᠪᠠᠨ ᠬᠡᠷ ᠪᠦᠯᠢ ᠶᠢᠨ ᠪᠦᠷᠢᠯᠳᠦᠬᠦᠨ ᠤ ᠡᠷᠡᠬᠦᠯ ᠮᠡᠨᠳᠦ ᠶᠢᠨ ᠪᠠᠶᠢᠳᠠᠯ ᠢᠶᠠᠨ | ᠦᠨᠳᠦᠰᠦᠯᠡᠵᠤ᠂ ᠨᠠᠰᠤᠳᠠᠨ ᠪᠠ ᠬᠡᠦᠬᠡᠳ ᠲᠤ ᠬᠡᠷᠡᠭᠰᠡᠬᠦ ᠡᠮ ᠢ ᠠᠪᠴᠤ ᠶᠠᠪᠤᠪᠠᠯ ᠬᠠᠮᠤᠭ ᠰᠠᠶᠢᠨ᠃ | ᠪᠠᠴᠢᠮ ᠠᠪᠤᠷᠠᠯᠳᠠ ᠶᠢᠨ ᠪᠡᠯᠡᠳᠬᠡᠯ ᠬᠠᠶᠢᠷᠴᠠᠭ ᠳᠠᠬᠢ ᠡᠮ ᠢ ᠲᠤᠭᠳᠠᠭᠰᠠᠨ ᠬᠤᠭᠤᠴᠠᠭᠠᠨ ᠳᠤ ᠪᠠᠶᠢᠴᠠᠭᠠᠬᠤ ᠪᠠ ᠰᠢᠨᠡᠳᠬᠡᠨ ᠰᠤᠯᠢᠵᠤ᠂ ᠡᠮ ᠤᠨ | ᠦᠢᠯᠡᠳᠦᠯ ᠢᠶᠠᠨ ᠠᠯᠳᠠᠬᠤ ᠠᠴᠠ ᠵᠠᠶᠢᠯᠠᠰᠬᠢᠬᠤ ᠬᠡᠷᠡᠭᠳᠠᠢ᠃ |