ᠨᠠᠷᠠᠰᠢᠬᠤ
ᠨᠡᠶᠢᠲᠡᠯᠡᠭᠰᠡᠨ ᠴᠠᠭ᠄
2022/9/29
      ᠨᠠᠷᠠᠰᠢᠬᠤ ᠬᠡᠳᠡᠭ ᠦᠨᠳᠦᠷ ᠬᠠᠯᠠᠭᠤᠨ ᠤᠷᠴᠢᠨ ᠳᠤ ᠪᠡᠶ᠎ᠠ ᠶᠢᠨ ᠲᠤᠯᠠᠭᠠᠨ ᠢ ᠲᠤᠬᠢᠷᠠᠭᠤᠯᠬᠤ ᠴᠢᠳᠠᠪᠬᠢ ᠰᠠᠮᠠᠭᠤᠷᠠᠵᠤ᠂ ᠲᠦᠪ ᠮᠡᠳᠡᠷᠡᠯ ᠤᠨ ᠰᠢᠰᠲ᠋ᠧᠮ ᠪᠤᠯᠤᠨ ᠤᠷᠴᠢᠯ ᠤᠨ ᠰᠢᠰᠲ᠋ᠧᠮ ᠬᠠᠷᠰᠢᠯᠠᠭᠳᠠᠬᠤ ᠶᠢ ᠵᠢᠭᠠᠨ᠎ᠠ᠃ ᠭᠤᠤᠯᠳᠠᠭᠤ ᠲᠤᠯᠤᠭᠠᠢ ᠡᠷᠬᠢᠬᠦ᠂ ᠲᠠᠮᠢᠷᠳᠠᠬᠤ᠂ ᠲᠤᠷ᠎ᠠ ᠪᠤᠯᠬᠢᠬᠤ᠂ ᠪᠦᠬᠡᠯᠵᠢᠬᠦ ᠪᠤᠶᠤ ᠴᠢᠨᠠᠭᠰᠢᠯᠠᠨ ᠮᠠᠨᠠᠷᠠᠬᠤ ᠵᠡᠷᠬᠡ ᠡᠪᠡᠳᠴᠢᠨ ᠤ ᠢᠯᠡᠷᠡᠯ ᠲᠠᠢ᠃     ᠰᠡᠷᠬᠡᠶᠢᠯᠡᠬᠦ ᠭᠤᠤᠯᠳᠠᠯᠭ᠎ᠠ     ● ᠵᠤᠨ ᠤ ᠴᠠᠭ ᠢᠯᠡᠬᠦᠬᠡᠨ ᠤᠰᠤ ᠤᠤᠭᠤᠵᠤ᠂ ᠨᠠᠷᠠᠰᠢᠬᠤ ᠠᠴᠠ ᠰᠡᠷᠬᠡᠶᠢᠯᠡᠨ᠂ ᠪᠡᠶ᠎ᠠ ᠶᠢᠨ ᠲᠤᠯᠠᠭᠠᠨ ᠢᠶᠠᠨ ᠪᠠᠭᠠᠤᠷᠠᠭᠤᠯᠬᠤ ᠶᠢ ᠠᠩᠬᠠᠷᠬᠤ ᠬᠡᠷᠡᠭᠳᠠᠢ᠃     ● ᠬᠡᠷ ᠤᠨ ᠭᠠᠳᠠᠨ᠎ᠠ ᠤᠷᠳᠤ ᠬᠤᠭᠤᠴᠠᠭ᠎ᠠ ᠪᠠᠷ ᠨᠠᠷᠠᠨ ᠳᠤ ᠰᠢᠷᠠᠭᠳᠠᠬᠤ ᠠᠴᠠ ᠬᠢᠴᠢᠶᠡᠬᠦ ᠬᠡᠷᠡᠭᠳᠠᠢ᠃      ᠠᠷᠭᠠᠴᠠᠭᠠᠬᠤ ᠠᠷᠭ᠎ᠠ      ●ᠡᠪᠡᠳᠴᠢᠳᠠᠨ ᠢ ᠰᠠᠯᠬᠢ ᠨᠡᠪᠳᠡᠷᠡᠳᠡᠭ ᠰᠠᠷᠢᠬᠦᠨ ᠭᠠᠵᠠᠷ ᠰᠢᠯᠵᠢᠬᠦᠯᠦᠨ᠂ ᠬᠡᠪᠳᠡᠬᠦᠯᠵᠤ ᠠᠮᠠᠷᠠᠭᠤᠯᠤᠨ᠎ᠠ᠃ ᠬᠦᠢᠳᠡᠨ ᠠᠯᠴᠢᠭᠤᠷ ᠢᠶᠠᠷ ᠮᠠᠩᠨᠠᠢ ᠲᠡᠬᠡᠷ᠎ᠠ ᠎ ᠨᠢ ᠵᠢᠩ ᠲᠠᠯᠪᠢᠬᠤ ᠶᠢᠨ ᠬᠠᠮᠳᠤ ᠪᠡᠶ᠎ᠠ ᠶᠢ ᠨᠢ ᠵᠦᠯᠬᠦᠵᠤ᠂ ᠬᠠᠯᠠᠭᠤᠨ ᠢ ᠨᠢ ᠪᠠᠭᠤᠷᠠᠭᠤᠯᠤᠨ᠎ᠠ᠃      ●ᠲᠠᠪᠤᠰᠤ ᠲᠠᠢ ᠤᠰᠤ ᠪᠤᠶᠤ ᠰᠡᠷᠢᠬᠦᠨ ᠴᠢᠨᠠᠷᠳᠠᠢ ᠤᠮᠳᠠᠭᠠᠨ ᠤᠤᠭᠤᠵᠤ᠂ ᠨᠤᠭᠤᠭᠠᠨ ᠪᠤᠷᠴᠠᠭ ᠤᠨ ᠰᠢᠬᠦᠰᠦ ᠵᠡᠷᠬᠡ ᠶᠢ ᠤᠤᠭᠤᠵᠤ ᠪᠤᠯᠤᠨ᠎ᠠ᠃      ●ᠨᠠᠷᠠᠰᠢᠵᠤ ᠮᠠᠨᠠᠷᠠᠭᠰᠠᠨ ᠦᠶᠡᠰ ᠬᠦᠮᠦᠨ ᠪᠡᠯᠴᠢᠷ ᠢ ᠨᠢ ᠰᠢᠬᠢᠳᠬᠢᠬᠦ ᠶᠢᠨ ᠬᠠᠮᠳᠤ ᠲᠠᠷᠤᠶᠢᠬᠠᠨ ᠡᠮᠨᠡᠯᠬᠡ ᠳᠤ ᠬᠦᠷᠬᠡᠵᠤ ᠡᠮᠴᠢᠯᠡᠬᠦᠯᠦᠨ᠎ᠠ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠣᠯᠲᠠ ᠶᠢᠨ ᠲᠣᠪᠴᠢᠶ᠎ᠠ