ᠬᠡᠷ ᠤᠷᠤᠨ ᠳᠤ ᠪᠠᠨ ᠪᠤᠴᠠᠬᠤ ᠳᠤ ᠠᠮᠤᠷ ᠲᠦᠪᠰᠢᠨ ᠤ ᠲᠠᠯ᠎ᠠ ᠪᠠᠷ ᠠᠩᠬᠠᠷᠬᠤ ᠵᠦᠢᠯ᠄
ᠨᠡᠶᠢᠲᠡᠯᠡᠭᠰᠡᠨ ᠴᠠᠭ᠄
2022/9/29
     ●ᠰᠢᠳᠠᠭᠠᠯᠭ᠎ᠠ ᠶᠢᠨ ᠬᠡᠢ ᠶᠢ ᠪᠠᠶᠢᠴᠠᠭᠠᠨ᠎ᠠ᠂ ᠰᠢᠳᠠᠭᠠᠯᠭ᠎ᠠ ᠶᠢᠨ ᠬᠡᠢ ᠶᠢᠨ ᠦᠨᠦᠷ ᠦᠨᠦᠷᠳᠦᠭᠳᠡᠬᠦ ᠪᠤᠶᠤ ᠡᠯᠳᠡᠪ ᠲᠠᠭᠤ ᠭᠠᠷᠴᠤ ᠪᠠᠶᠢᠪᠠᠯ ᠴᠤᠩᠬᠤ ᠪᠠᠨ ᠨᠡᠬᠡᠬᠡᠬᠦ ᠶᠢᠨ ᠬᠠᠮᠳᠤ ᠬᠤᠷᠳᠤᠬᠠᠨ ᠵᠠᠶᠢᠯᠠᠵᠤ ᠤᠳᠤᠨ᠎ᠠ᠃ ᠭᠠᠳᠠᠨᠠᠬᠢ ᠰᠢᠳᠠᠭᠠᠯᠭ᠎ᠠ ᠶᠢᠨ ᠬᠡᠢ ᠶᠢᠨ ᠶᠡᠷᠦᠩᠬᠡᠢ ᠬᠠᠭᠠᠯᠳᠠ ᠶᠢ ᠲᠠᠷᠤᠵᠤ᠂ ᠴᠠᠬᠢᠯᠭᠠᠨ ᠤ ᠰᠢᠰᠲ᠋ᠧᠮ ᠢ ᠪᠠᠶᠢᠴᠠᠭᠠᠨ᠎ᠠ᠂ ᠴᠠᠬᠢᠯᠭᠠᠨ ᠯᠠᠪᠠᠷᠡᠵᠤ ᠪᠠᠶᠢᠬᠤ ᠪᠤᠶᠤ ᠴᠠᠬᠢᠯᠭᠠᠨ ᠤᠳᠠᠰᠤ ᠡᠪᠳᠡᠭᠳᠡᠭᠰᠡᠨ ᠪᠠᠶᠢᠪᠠᠯ ᠴᠠᠬᠢᠯᠭᠠᠨ ᠤ ᠡᠬᠦᠰᠬᠡᠭᠴᠢ ᠶᠢ ᠲᠠᠷᠤᠶᠢᠬᠠᠨ ᠲᠠᠷᠤᠵᠤ ᠲᠠᠯᠪᠢᠨ᠎ᠠ᠃     ●ᠬᠡᠷ ᠤᠨ ᠤᠷᠤᠢ᠂ ᠬᠡᠷ ᠤᠨ ᠰᠠᠭᠤᠷᠢ ᠪᠤᠯᠤᠨ ᠬᠤᠯᠠᠩ ᠤᠨ ᠴᠡᠪ ᠭᠠᠷᠤᠭᠰᠠᠨ ᠡᠰᠡᠬᠦ ᠶᠢ ᠪᠠᠶᠢᠴᠠᠭᠠᠨ᠎ᠠ᠃ ᠬᠡᠷ ᠨᠤᠷᠠᠬᠤ ᠠᠶᠦᠯᠳᠠᠢ ᠶᠢ ᠰᠡᠷᠡᠵᠤ ᠮᠡᠳᠡᠪᠡᠯ ᠲᠠᠷᠤᠶᠢᠬᠠᠨ ᠵᠠᠶᠢᠯᠠᠨ᠎ᠠ᠃     ● ᠤᠰᠤᠨ ᠬᠤᠭᠤᠯᠠᠢ ᠪᠤᠯᠤᠨ ᠪᠤᠬᠢᠷ ᠤᠰᠤᠨ ᠤ ᠬᠤᠭᠤᠯᠠᠢ ᠶᠢᠨ ᠰᠢᠰᠲ᠋ᠧᠮ ᠢ ᠪᠠᠶᠢᠴᠠᠭᠠᠨ᠎ᠠ᠃     ●ᠤᠰᠤᠨ ᠤ ᠬᠤᠭᠤᠯᠠᠢ ᠡᠪᠳᠡᠷᠡᠭᠰᠡᠨ ᠪᠠᠶᠢᠪᠠᠯ ᠶᠡᠷᠦᠩᠬᠡᠢ ᠨᠡᠬᠡᠬᠡᠯᠳᠠ ᠶᠢ ᠲᠠᠷᠤᠨ᠎ᠠ᠃ ᠤᠰᠤ ᠪᠤᠵᠠᠷᠳᠠᠭᠰᠠᠨ ᠪᠠᠶᠢᠵᠤ ᠮᠡᠳᠡᠬᠦ ᠪᠤᠯᠬᠤᠷ ᠬᠠᠮᠢᠶ᠎ᠠ ᠪᠦᠬᠦᠢ ᠪᠠᠶᠢᠭᠤᠯᠭ᠎ᠠ ᠶᠢᠨ ᠠᠶᠦᠯᠬᠦᠢ ᠪᠠᠷ ᠤᠰᠤ ᠬᠡᠷᠡᠭᠯᠡᠬᠦ ᠮᠡᠳᠡᠭᠳᠡᠯ ᠢ ᠲᠤᠰᠤᠭᠰᠠᠨ ᠤ ᠲᠠᠷᠠᠭ᠎ᠠ ᠰᠠᠶ᠋ᠢ ᠲᠦᠬᠡᠬᠡᠯ ᠤᠰᠤ ᠶᠢ ᠬᠡᠷᠡᠭᠯᠡᠵᠤ ᠪᠤᠯᠤᠨ᠎ᠠ᠃ ᠢᠯᠠ ᠬᠤᠳᠳᠤᠭ ᠎ ᠤᠨ ᠤᠰᠤ ᠶᠢ ᠬᠠᠮᠢᠶ᠎ᠠ ᠪᠦᠬᠦᠢ ᠪᠠᠶᠢᠭᠤᠯᠭ᠎ᠠ ᠪᠠᠶᠢᠴᠠᠭᠠᠨ ᠰᠢᠯᠭᠠᠭᠰᠠᠨ ᠤ ᠲᠠᠷᠠᠭ᠎ᠠ ᠰᠠᠶ᠋ᠢ ᠤᠤᠭᠤᠵᠤ ᠪᠤᠯᠬᠤ ᠡᠰᠡᠬᠦ ᠪᠠᠨ ᠲᠤᠭᠳᠠᠭᠠᠨ᠎ᠠ᠃     ●ᠢᠳᠡᠬᠡᠨ ᠤ ᠵᠦᠢᠯ ᠪᠤᠯᠤᠨ ᠠᠯᠢᠪᠠ ᠠᠮᠢᠳᠤᠷᠠᠯ ᠤᠨ ᠬᠡᠷᠡᠭᠰᠡᠯ ᠢᠶᠠᠨ ᠪᠠᠶᠢᠴᠠᠭᠠᠨ᠎ᠠ᠃ ᠪᠤᠬᠢᠷᠳᠦᠭ᠌ᠰᠠᠨ ᠢᠳᠡᠬᠡᠨ ᠪᠠ ᠪᠤᠬᠢᠷᠳᠤᠭᠰᠠᠨ ᠠᠮᠢᠳᠤᠷᠠᠯ ᠤᠨ ᠬᠡᠷᠡᠭᠰᠡᠯ ᠢ ᠪᠦᠬᠦᠨ ᠢ ᠬᠠᠶᠠᠵᠤ ᠤᠷᠬᠢᠨ᠎ᠠ᠃    ● ᠬᠡᠷ ᠤᠨ ᠬᠡᠷᠡᠭᠰᠡᠯ ᠤᠳ ᠠᠷᠢᠭᠤᠳᠬᠠᠵᠤ ᠤᠬᠢᠶᠠᠨ ᠴᠡᠪᠡᠷᠯᠡᠨ᠎ᠠ᠃ ᠪᠤᠬᠢᠷ ᠤᠰᠤ᠂ ᠪᠠᠺᠲ᠋ᠧᠷᠢ ᠪᠤᠶᠤ ᠬᠢᠮᠢ ᠶᠢᠨ ᠪᠤᠳᠠᠰ ᠲᠤ ᠠᠮᠠᠷᠬᠠᠨ ᠪᠤᠬᠢᠷᠳᠤᠬᠤ ᠪᠤᠯᠤᠮᠵᠢ ᠲᠠᠢ ᠪᠤᠳᠠᠰ ᠢ ᠠᠷᠢᠭᠤᠳᠬᠠᠨ ᠴᠡᠪᠡᠷᠯᠡᠨ᠎ᠠ᠃ ᠤᠬᠢᠶᠠᠨ ᠴᠡᠪᠡᠷᠯᠡᠭᠰᠡᠨ ᠤ ᠲᠠᠷᠠᠭ᠎ᠠ ᠲᠠᠬᠢᠨ ᠬᠡᠷᠡᠭᠯᠡᠵᠤ ᠪᠤᠯᠬᠤ ᠪᠤᠳᠠᠰ ᠢ ᠤᠬᠢᠶᠠᠵᠤ ᠴᠡᠪᠡᠷᠯᠡᠨ ᠠᠷᠢᠭᠤᠳᠬᠠᠨ᠎ᠠ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠣᠯᠲᠠ ᠶᠢᠨ ᠲᠣᠪᠴᠢᠶ᠎ᠠ