| | | ᠭᠠᠮᠰᠢᠭ ᠡᠬᠦᠰᠦᠭᠰᠡᠨ ᠤ ᠲᠠᠷᠠᠭ᠎ᠠ᠂ ᠤᠯᠠᠩᠬᠢ ᠬᠦᠮᠦᠰ ᠬᠦᠨᠳᠦ ᠴᠤᠬᠢᠯᠳᠠ ᠤᠯᠵᠤ᠂ ᠤᠶᠤᠨ ᠰᠠᠨᠠᠭ᠎ᠠ ᠪᠤᠯᠤᠨ ᠪᠡᠶ᠎ᠠ ᠮᠠᠬᠠᠪᠤᠳ ᠤᠨ ᠲᠠᠯ᠎ᠠ ᠪᠠᠷ ᠨᠠᠵᠠᠭᠠᠢ | ᠲᠤᠰᠬᠠᠯ ᠭᠠᠷᠳᠠᠭ ᠠᠴᠠ ᠰᠡᠳᠬᠢᠴᠠ ᠪᠠᠨ ᠲᠤᠬᠢᠷᠠᠭᠤᠯᠬᠤ ᠴᠢᠬᠤᠯᠠᠳᠠᠢ᠃ | 1᠂ ᠠᠵᠢᠯᠯᠠᠵᠤ ᠠᠮᠠᠷᠠᠬᠤ ᠴᠠᠭ ᠢᠶᠠᠨ ᠲᠤᠬᠢᠷᠠᠭᠤᠯᠬᠤ ᠪᠡ ᠬᠦᠳᠡᠯᠬᠡᠬᠡᠨ ᠬᠢᠬᠦ | ᠠᠵᠢᠯ ᠠᠮᠢᠳᠤᠷᠠᠯ ᠤᠨ ᠴᠠᠭ ᠢᠶᠠᠨ ᠬᠡᠪ ᠤᠨ ᠪᠤᠯᠭᠠᠬᠤ ᠪᠠᠷ ᠴᠢᠷᠮᠠᠶᠢᠨ᠎ᠠ᠂ ᠠᠵᠢᠯᠯᠠᠵᠤ ᠠᠮᠠᠷᠠᠬᠤ᠂ ᠢᠳᠡᠵᠤ ᠤᠤᠭᠤᠬᠤ ᠵᠡᠷᠬᠡ ᠲᠠᠯ᠎ᠠ ᠪᠠᠷ ᠵᠢᠮ᠎ᠠ ᠬᠠᠤᠯᠢ | ᠲᠠᠢ ᠪᠤᠯᠭᠠᠵᠤ᠂ ᠬᠦᠢᠴᠡᠳ ᠤᠨᠳᠠᠬᠤ ᠪᠠ ᠠᠮᠠᠷᠠᠬᠤ ᠴᠠᠭ ᠢ ᠪᠠᠳᠤᠯᠠᠬᠤ ᠬᠡᠷᠡᠭᠳᠠᠢ᠃ | ᠵᠢᠮ᠎ᠠ ᠬᠠᠤᠯᠢ ᠲᠠᠢ ᠬᠦᠳᠡᠯᠬᠡᠬᠡᠨ ᠬᠢᠬᠦ ᠶᠢ ᠴᠢᠬᠤᠯᠠᠴᠢᠯᠠᠵᠤ᠂ ᠬᠡᠪ ᠤᠨ ᠪᠤᠰᠤ ᠲᠦᠷᠦᠭᠳᠡᠯ ᠪᠠ ᠰᠡᠳᠬᠢᠯᠬᠡ ᠪᠠᠨ ᠨᠠᠮᠳᠠᠭᠤᠯᠤᠨ᠎ᠠ᠂ ᠡᠪᠡᠳᠴᠢᠨ ᠢ | ᠡᠰᠡᠷᠬᠦᠴᠡᠬᠦ ᠴᠢᠳᠠᠪᠤᠷᠢ ᠪᠤᠯᠤᠨ ᠪᠡᠶ᠎ᠠ ᠮᠠᠬᠠᠪᠤᠳ ᠤᠨ ᠬᠡᠪ ᠴᠢᠨᠠᠷ ᠢᠶᠠᠨ ᠲᠡᠬᠡᠭᠰᠢᠯᠡᠬᠦᠯᠦᠨ᠎ᠠ᠃ | 2᠂ ᠪᠤᠳᠤᠯ ᠰᠡᠳᠬᠢᠯᠬᠡ ᠪᠠᠨ ᠰᠤᠯᠢᠯᠴᠠᠬᠤ ᠪᠠ ᠬᠠᠷᠢᠯᠴᠠᠨ ᠵᠤᠷᠢᠭᠵᠢᠭᠤᠯᠬᠤ᠂ ᠠᠬᠢᠭᠤᠯᠬᠤ | ● ᠭᠠᠮᠰᠢᠭ ᠤᠨ ᠲᠠᠷᠠᠭᠠᠬᠢ ᠵᠤᠪᠠᠨᠢᠯ᠂ ᠲᠦᠭᠰᠢᠬᠦᠷᠢ᠂ ᠬᠢᠯᠢᠩ᠂ ᠭᠠᠩᠰᠠᠷᠠᠯ ᠵᠡᠷᠬᠡ ᠡᠷᠡᠬᠦᠯ ᠪᠤᠰᠤ ᠤᠷᠮ᠎ᠠ ᠰᠡᠳᠬᠢᠯᠬᠡ ᠪᠠᠨ ᠬᠡᠯᠡᠵᠤ ᠭᠠᠷᠭᠠᠬᠤ ᠪᠠᠷ | ᠴᠢᠷᠮᠠᠶᠢᠵᠤ᠂ ᠬᠡᠷ ᠤᠨ ᠬᠦᠮᠦᠰ᠂ ᠨᠠᠶᠢᠵᠠ ᠨᠦᠬᠦᠳ᠂ ᠬᠡᠦᠬᠡᠳ ᠲᠠᠢ ᠪᠠᠨ ᠬᠠᠮᠳᠤ ᠪᠠᠷ ᠤᠷᠮ᠎ᠠ ᠰᠡᠳᠬᠢᠯᠬᠡ ᠪᠠᠨ ᠬᠤᠪᠢᠶᠠᠯᠴᠠᠬᠤ ᠬᠡᠷᠡᠭᠳᠠᠢ᠃ | ● ᠦᠪᠡᠷ ᠢ ᠪᠠᠨ ᠠᠪᠤᠷᠠᠬᠤ ᠶᠠᠪᠤᠴᠠ ᠳᠤ ᠪᠤᠢ ᠪᠤᠯᠤᠭᠰᠠᠨ ᠨᠢᠬᠡ ᠪᠦᠯᠦᠭ ᠤᠬᠢ ᠰᠠᠶᠢᠨ ᠲᠦᠷᠦᠭᠳᠡᠯ ᠢᠶᠠᠨ ᠢᠳᠡᠪᠬᠢᠳᠠᠢ ᠪᠠᠷ ᠪᠤᠰᠤᠳ ᠲᠠᠢ | ᠬᠤᠪᠢᠶᠠᠯᠴᠠᠬᠤ ᠨᠢ ᠪᠤᠰᠤᠳ ᠢ ᠬᠠᠪᠰᠤᠷᠴᠤ ᠴᠢᠳᠠᠬᠤ ᠪᠠᠷ ᠪᠠᠷᠠᠬᠤ ᠦᠬᠡᠢ ᠡᠨᠡᠬᠦ ᠶᠠᠪᠤᠴᠠ ᠳᠤ ᠦᠪᠡᠷ ᠢ ᠪᠠᠨ ᠰᠠᠶᠢᠵᠢᠷᠠᠭᠤᠯᠵᠤ ᠴᠢᠳᠠᠨ᠎ᠠ᠃ | 3᠂ ᠲᠠᠶᠢᠪᠤᠰᠢᠷᠠᠭᠤᠯᠬᠤ | ᠲᠠᠶᠢᠪᠤᠰᠢᠷᠠᠭᠤᠯᠬᠤ ᠬᠦᠳᠡᠯᠬᠡᠬᠡᠨ ᠢᠶᠠᠷ ᠤᠷᠮ᠎ᠠ ᠰᠡᠳᠬᠢᠯᠬᠡ ᠪᠠᠨ ᠲᠤᠬᠢᠷᠠᠭᠤᠯᠵᠤ᠂ ᠭᠠᠮᠰᠢᠭ ᠠᠴᠠ ᠪᠤᠯᠤᠭᠰᠠᠨ ᠡᠮᠬᠡᠨᠢᠯ ᠢᠶᠠᠨ ᠬᠦᠩᠬᠡᠯᠡᠬᠦ ᠪᠠᠷ ᠴᠢᠷᠮᠠᠶᠢᠨ᠎ᠠ᠃ | ᠵᠢᠱᠢᠶᠡᠯᠡᠪᠡᠯ᠂ ᠲᠠᠭᠤᠤ ᠰᠤᠨᠤᠰᠬᠤ᠂ ᠪᠤᠯᠴᠢᠩ ᠰᠤᠯᠠᠷᠠᠭᠤᠯᠬᠤ ᠤᠷᠠᠨ ᠬᠦᠳᠡᠯᠬᠡᠬᠡᠨ ᠢ ᠪᠤᠯᠪᠠᠰᠤᠷᠠᠬᠤ ︵ᠰᠡᠳᠬᠢᠴᠠ ᠶᠢᠨ ᠲᠤᠰᠬᠠᠢ ᠮᠡᠷᠬᠡᠵᠢᠯᠳᠠ ᠢ ᠤᠷᠢᠵᠤ | ᠵᠢᠯᠤᠭᠤᠳᠤᠭᠤᠯᠵᠤ ᠪᠤᠯᠤᠨ᠎ᠠ︶᠂ ᠡᠳᠦᠷ ᠤᠨ ᠲᠡᠮᠳᠡᠭᠯᠡᠯ ᠪᠢᠴᠢᠬᠦ᠂ ᠲᠠᠭᠤᠤ ᠲᠠᠭᠤᠯᠠᠬᠤ ᠵᠡᠷᠬᠡ᠃ ᠬᠠᠮᠳᠤ ᠶᠢᠨ ᠠᠵᠢᠯᠯᠠᠭᠠᠨ ᠢ ᠵᠤᠬᠢᠶᠠᠨ ᠪᠠᠶᠢᠭᠤᠯᠵᠤ᠂ ᠤᠯᠠᠨ ᠤ | ᠤᠷᠮ᠎ᠠ ᠰᠡᠳᠬᠢᠯᠬᠡ ᠶᠢ ᠵᠤᠬᠢᠴᠠᠭᠤᠯᠵᠤ ᠪᠤᠯᠤᠨ᠎ᠠ᠃ | 4᠂ ᠲᠤᠰᠬᠠᠢ ᠮᠡᠷᠬᠡᠵᠢᠯᠳᠠᠨ ᠤ ᠬᠠᠪᠰᠤᠷᠤᠯᠭ᠎ᠠ ᠶᠢ ᠡᠷᠢᠯᠬᠢᠯᠡᠬᠦ | ᠭᠠᠮᠰᠢᠭ ᠤᠨ ᠲᠠᠷᠠᠭᠠᠬᠢ ᠰᠡᠳᠬᠢᠯ ᠤᠨ ᠰᠢᠷᠠᠭᠯᠠᠯ ᠬᠦᠨᠳᠦ ᠨᠤᠴᠢᠳᠠᠢ ᠬᠦᠮᠦᠰ᠂ ᠲᠤᠰᠬᠠᠢ ᠮᠡᠷᠬᠡᠵᠢᠯᠳᠠ ᠤ ᠬᠠᠪᠰᠤᠷᠤᠯᠭ᠎ᠠ ᠶᠢ ᠢᠳᠡᠪᠬᠢᠳᠠᠢ ᠡᠷᠢᠯᠬᠢᠯᠡᠵᠤ | ᠰᠡᠳᠬᠢᠴᠠ ᠪᠠᠨ ᠲᠤᠬᠢᠷᠠᠭᠤᠯᠵᠤ ᠪᠤᠯᠤᠨ᠎ᠠ᠃ ᠡᠪ ᠦᠬᠡᠶᠢᠳᠡᠭᠰᠡᠨ ᠤ ᠴᠢᠬᠤᠯᠠ ᠦᠬᠡᠢ᠃ |