| | | ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠭᠤᠴᠢᠨ ᠵᠢᠷᠭᠤᠳᠤᠭᠠᠷ ᠤᠳᠠᠭᠠᠨ ᠤ ᠬᠤᠷᠠᠯ ᠠᠴᠠ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠦᠳᠡᠭᠡ | ᠠᠵᠦ ᠠᠬᠤᠢ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠬᠠᠤᠯᠢ︾ ᠶᠢ ᠪᠠᠲᠤᠯᠠᠭᠰᠠᠨ ᠪᠥᠭᠡᠳ 2023 ᠣᠨ ᠤ 1 ᠳ᠋ᠣᠭᠡᠷ ᠰᠠᠷ᠎ᠠ ᠶᠢᠨ 1 ᠤ | ᠡᠳᠦᠷ ᠠᠴᠠ ᠡᠬᠢᠯᠡᠨ ᠬᠡᠷᠡᠭᠵᠢᠭᠦᠯᠬᠦ ᠪᠠᠷ ᠪᠣᠯᠵᠠᠢ᠃ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠲᠠᠨᠢᠯᠴᠠᠭᠤᠯᠬᠤ ᠳᠠᠭᠠᠨ᠂ ᠰᠢᠨ᠎ᠡ ᠪᠠᠷ ᠵᠠᠰᠠᠪᠤᠷᠢ | ᠣᠷᠣᠭᠤᠯᠤᠭᠰᠠᠨ ︽ᠬᠦᠳᠡᠭᠡ ᠠᠵᠦ ᠠᠬᠤᠢ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠶᠦᠯᠬᠦᠢ ᠶᠢᠨ ᠬᠠᠤᠯᠢ︾ ᠨᠢ ᠨᠡᠶᠢᠭᠡᠮ ᠨᠡᠶᠢᠳᠡ ᠶᠢᠨ ᠠᠩᠬᠠᠷᠴᠤ ᠪᠠᠶᠢᠭ᠎ᠠ | ᠠᠰᠠᠭᠤᠳᠠᠯ ᠳᠤ ᠬᠠᠷᠢᠭᠤᠯᠳᠠ ᠪᠤᠯᠭᠠᠵᠦ᠂ ᠬᠦᠳᠡᠭᠡ ᠠᠵᠦ ᠠᠬᠤᠢ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠶᠦᠯᠬᠦᠢ ᠶᠢ ᠲᠠᠷᠢᠵᠤ ᠤᠷᠭᠤᠭᠤᠯᠬᠤ ᠠᠴᠠ | ᠠᠪᠤᠭᠠᠳ ᠡᠳ᠋ᠰᠢᠭᠦᠯᠦᠨ ᠪᠣᠯᠪᠠᠰᠤᠷᠠᠭᠤᠯᠬᠤ ᠳᠤ ᠬᠦᠷᠲᠡᠯ᠎ᠡ ᠪᠥᠬᠦ ᠶᠠᠪᠤᠴᠠ᠂ ᠪᠥᠬᠦ ᠳᠠᠮᠵᠢᠯᠠᠭ᠎ᠠ ᠳᠤᠨᠢ ᠬᠢᠨᠠᠨ ᠬᠠᠮᠢᠶᠠᠷᠴᠤ᠂ ᠲᠤᠰ ᠬᠠᠤᠯᠢ ᠪᠠᠷ ᠵᠠᠰᠠᠵᠤ | ᠪᠠᠲᠤᠯᠠᠬᠤ ᠶᠢ ᠴᠢᠨᠠᠭᠰᠢᠳᠠ ᠴᠢᠩᠭᠠᠳᠬᠠᠬᠤ ᠪᠣᠯᠣᠨ᠎ᠠ ᠭᠡᠵᠡᠢ᠃ |