| | | 2022 ᠣᠨ ᠳᠤ᠂ ᠪᠥᠬᠦ ᠬᠤᠲᠠ ᠶᠢᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠠᠳᠠᠯᠢ | ᠬᠤᠭᠤᠴᠠᠭᠠᠨ ᠤ ᠬᠢ ᠠᠴᠠ 0.1% ᠪᠠᠷ ᠪᠠᠭᠤᠷᠠᠵᠤ᠂ ᠪᠥᠬᠦ ᠣᠷᠣᠨ ᠤ ᠳᠤᠮᠳᠠᠴᠢ ᠬᠢᠷᠢ ᠲᠦᠪᠰᠢᠨ ᠠᠴᠠ 1.7 ᠵᠠᠭᠤᠨ ᠤ ᠨᠢᠭᠡᠴᠢ ᠥᠨᠳᠥᠷ ᠪᠣᠯᠵᠤ᠂ 1-11 | ᠰᠠᠷ᠎ᠠ ᠶᠢᠨ ᠬᠢ ᠠᠴᠠ 0.1 ᠵᠠᠭᠤᠨ ᠤ ᠨᠢᠭᠡᠴᠢ ᠳᠡᠭᠡᠭᠰᠢᠯᠡᠪᠡ᠃ ᠡᠭᠦᠨ ᠳᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠬᠡᠷᠡᠭᠯᠡᠭᠡᠨ ᠤ ᠵᠦᠢᠯ ᠤᠨ | ᠵᠢᠵᠢᠭᠯᠡᠨ ᠬᠤᠳᠠᠯᠳᠤᠭᠰᠠᠨ ᠲᠤᠭ᠎ᠠ ᠨᠢ 9.1% ᠪᠠᠷ ᠨᠡᠮᠡᠭᠳᠡᠪᠡ᠃ | ᠨᠢᠭᠡ᠂ ᠦᠨᠳᠦᠰᠦᠨ ᠠᠮᠢᠳᠤᠷᠠᠯ ᠤᠨ ᠲᠦᠷᠦᠯ ᠤᠨ ᠲᠠᠸᠠᠷ ᠤᠨ ᠪᠣᠷᠤᠯᠠᠭᠤᠯᠭ᠎ᠠ ᠶᠢᠨ ᠨᠡᠮᠡᠭᠳᠡᠯ ᠨᠡᠯᠢᠶᠡᠳ ᠲᠦᠷᠭᠡᠨ ᠪᠠᠶᠢᠪᠠ᠃ 2022 ᠣᠨ ᠳᠤ᠂ | ᠪᠥᠬᠦ ᠬᠤᠲᠠ ᠶᠢᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠠᠮᠤ ᠪᠤᠳᠠᠭ᠎ᠠ ᠲᠣᠰᠣ ᠢᠳᠡᠭᠡᠨ ᠤ ᠵᠦᠢᠯ᠂ ᠡᠳᠦᠷ ᠲᠤᠲᠤᠮ ᠤᠨ ᠬᠡᠷᠡᠭᠯᠡᠭᠡᠨ ᠤ ᠵᠦᠢᠯ ᠪᠠ ᠠᠷᠢᠬᠢ | ᠲᠠᠮᠠᠬᠢᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠲᠤᠰᠪᠤᠷᠢ 39.7%᠂ 10.7% ᠪᠠ 2.8% ᠪᠠᠷ ᠨᠡᠮᠡᠭᠳᠡᠪᠡ᠃ | ᠬᠤᠶᠠᠷ᠂ ᠬᠢᠲᠠᠳ ᠡᠸᠦ᠋ᠷᠦᠫᠡ ᠡᠮ ᠤᠨ ᠲᠦᠷᠦᠯ ᠵᠦᠢᠯ ᠢ ᠲᠣᠭᠲᠠᠭᠤᠨ ᠤ ᠳᠤᠮᠳᠠ ᠨᠡᠮᠡᠭᠳᠡᠪᠡ᠃ 2022 ᠣᠨ ᠳᠤ᠂ ᠪᠥᠬᠦ ᠬᠤᠲᠠ ᠶᠢᠨ | ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠢᠲᠠᠳ ᠡᠸᠦ᠋ᠷᠦᠫᠡ ᠡᠮ ᠤᠨ ᠲᠥᠷᠥᠯ ᠤᠨ ᠵᠢᠵᠢᠭᠯᠡᠨ ᠬᠤᠳᠠᠯᠳᠤᠭᠰᠠᠨ ᠲᠤᠭ᠎ᠠ 7.4% ᠪᠠᠷ ᠨᠡᠮᠡᠭᠳᠡᠪᠡ᠃ | ᠭᠤᠷᠪᠠ᠂ ᠭᠤᠣᠯᠳᠠᠯᠭ᠎ᠠ ᠲᠠᠢ ᠠᠵᠢᠯ ᠲᠦᠷᠦᠯ ᠤᠨ ᠬᠡᠷᠡᠭᠯᠡᠭᠡ ᠳᠡᠭᠡᠭᠰᠢᠯᠡᠯᠲᠡ ᠲᠠᠢ ᠪᠠᠭᠤᠷᠠᠯᠲᠠ ᠲᠠᠢ ᠪᠣᠯᠪᠠ᠃ 2022 ᠣᠨ ᠳᠤ᠂ ᠪᠥᠬᠦ ᠬᠤᠲᠠ ᠶᠢᠨ | ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠴᠢᠯᠠᠭᠤᠨ ᠲᠣᠰᠣ ᠵᠢᠴᠢ ᠪᠦᠲᠦᠭᠡᠭᠳᠡᠬᠦᠨ ᠤ ᠲᠥᠷᠥᠯ ᠤᠨ ᠵᠢᠵᠢᠭᠯᠡᠨ ᠬᠤᠳᠠᠯᠳᠤᠭᠰᠠᠨ ᠲᠤᠭ᠎ᠠ 22.8% ᠪᠠᠷ | ᠨᠡᠮᠡᠭᠳᠡᠵᠦ᠂ ᠮᠠᠰᠢᠨ ᠲᠡᠷᠭᠡᠨ ᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 7.4% ᠪᠠᠷ ᠪᠠᠭᠤᠷᠠᠪᠠ᠃ | ᠳᠥᠷᠪᠡ᠂ ᠬᠤᠭᠤᠯᠠ ᠤᠮᠳᠠ ᠶᠢᠨ ᠠᠵᠢᠯ ᠲᠥᠷᠥᠯ ᠬᠢᠵᠢᠭ ᠤᠨ ᠪᠠᠶᠢᠳᠠᠯ ᠤᠨ ᠨᠥᠯᠥᠭᠡ ᠶᠢ ᠨᠡᠯᠢᠶᠡᠳ ᠶᠡᠭᠡ ᠭᠥᠷᠳᠡᠪᠡ᠃ 2022 ᠣᠨ ᠳᠤ᠂ ᠪᠥᠬᠦ | ᠬᠤᠲᠠ ᠶᠢᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠤᠨᠤᠭ ᠤᠨ ᠦᠢᠯᠡᠰ ᠤᠨ ᠡᠵᠡᠩᠨᠡᠯᠲᠡ ᠶᠢᠨ ᠨᠣᠷᠮ᠎ᠠ 9.7% ᠪᠠᠷ ᠪᠠᠭᠤᠷᠠᠵᠤ᠂ 1-11 | ᠰᠠᠷ᠎ᠠ ᠶᠢᠨ ᠬᠢ ᠠᠴᠠ 2.2 ᠵᠠᠭᠤᠨ ᠤ ᠨᠢᠭᠡᠴᠢ ᠪᠠᠭᠤᠷᠠᠵᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠢᠳᠡᠭᠡᠨ ᠤᠮᠳᠠᠭᠠᠨ ᠤ ᠦᠢᠯᠡᠰ ᠤᠨ ᠡᠵᠡᠩᠨᠡᠯᠲᠡ ᠶᠢᠨ | ᠨᠣᠷᠮ᠎ᠠ 6.5% ᠪᠠᠷ ᠪᠠᠭᠤᠷᠠᠵᠤ᠂ 1-11 ᠰᠠᠷ᠎ᠠ ᠶᠢᠨ ᠬᠢ ᠠᠴᠠ 2.3 ᠵᠠᠭᠤᠨ ᠤ ᠨᠢᠭᠡᠴᠢ ᠪᠠᠭᠤᠷᠠᠪᠠ᠃ |