| | | ᠨᠢᠭᠡ᠂ ᠭᠤᠤᠯ ᠡᠭᠦᠷᠭᠡ ᠬᠠᠷᠢᠭᠤᠴᠠᠯᠭ᠎ᠠ | ︵1︶ ᠳᠡᠭᠡᠳᠦ ᠱᠠᠲᠤᠨ ᠤ ᠲᠣᠭᠲᠠᠭᠠᠭᠰᠠᠨ ᠴᠡᠷᠢᠭ ᠠᠴᠠ ᠬᠠᠯᠠᠭᠳᠠᠭᠰᠠᠳ ᠤᠨ ᠦᠵᠡᠯ ᠰᠠᠨᠠᠭ᠎ᠠ ᠤᠯᠤᠰ ᠲᠥᠷᠥ᠂ ᠬᠠᠮᠢᠶᠠᠷᠤᠯᠲᠠ ᠪᠠᠲᠤᠯᠠᠭ᠎ᠠ ᠪᠠ | ᠲᠥᠪᠬᠢᠨᠡᠭᠦᠯᠦᠨ ᠬᠠᠷᠠᠭᠠᠯᠵᠠᠬᠤ ᠵᠡᠷᠭᠡ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠴᠡᠷᠢᠭ ᠠᠴᠠ ᠬᠠᠯᠠᠭᠳᠠᠭᠰᠠᠳ ᠤᠨ ᠨᠠᠮ᠂ ᠤᠯᠤᠰ ᠣᠷᠣᠨ ᠪᠠ ᠠᠷᠠᠳ ᠲᠦᠮᠡᠨ ᠤ ᠲᠥᠯᠥᠭᠡ ᠠᠮᠢ ᠪᠡᠶ᠎ᠡ ᠪᠠᠨ ᠵᠣᠷᠢᠭᠤᠯᠬᠤ ᠵᠣᠷᠢᠭ | ᠰᠠᠨᠠᠭᠠᠨ ᠤ ᠬᠡᠪ ᠨᠠᠮᠪᠠ ᠪᠠ ᠥᠷᠲᠡᠭ ᠤᠨ ᠤᠳᠤᠷᠢᠳᠤᠮᠵᠢ ᠶᠢ ᠰᠠᠶᠢᠰᠢᠶᠠᠨ ᠬᠥᠬᠢᠭᠦᠯᠦᠨ᠎ᠡ᠃ | ︵2︶ ᠴᠡᠷᠢᠭ ᠠᠴᠠ ᠰᠢᠯᠵᠢᠭᠰᠡᠨ ᠺᠠᠳ᠋ᠷ᠂ ᠴᠡᠷᠢᠭ ᠠᠴᠠ ᠬᠠᠯᠠᠭᠳᠠᠭᠰᠠᠨ ᠺᠠᠳ᠋ᠷ᠂ ᠠᠵᠢᠯ ᠠᠴᠠ ᠪᠠᠨ ᠠᠮᠠᠷᠠᠵᠤ ᠲᠠᠷᠬᠠᠯᠠᠭᠳᠠᠭᠰᠠᠨ ᠺᠠᠳ᠋ᠷ᠂ ᠴᠡᠷᠢᠭ ᠤᠨ | ᠠᠯᠪᠠᠨ ᠠᠴᠠ ᠪᠠᠭᠤᠭᠰᠠᠨ ᠪᠠᠶᠢᠯᠳᠤᠭᠴᠢ ᠪᠣᠯᠤᠨ ᠴᠡᠷᠢᠭ ᠤᠨ ᠬᠠᠷᠢᠶ᠎ᠠ ᠦᠭᠡᠶ ᠠᠵᠢᠯ ᠠᠴᠠ ᠪᠠᠨ ᠪᠠᠭᠤᠭᠰᠠᠨ ᠠᠵᠢᠯᠲᠠᠨ ᠠᠵᠢᠯᠴᠢᠨ ᠢ ᠰᠢᠯᠵᠢᠭᠦᠯᠦᠨ ᠲᠤᠰᠢᠶᠠᠵᠤ | ᠲᠥᠪᠬᠢᠨᠡᠭᠦᠯᠬᠦ ᠠᠵᠢᠯ ᠪᠣᠯᠤᠨ ᠪᠡᠶ᠎ᠡ ᠪᠠᠨ ᠳᠠᠭᠠᠭᠠᠵᠤ ᠠᠵᠢᠯ ᠰᠣᠩᠭᠤᠬᠤ᠂ ᠪᠡᠶ᠎ᠡ ᠪᠠᠨ ᠳᠠᠭᠠᠭᠠᠵᠤ ᠠᠵᠢᠯ ᠣᠯᠬᠤ ᠴᠡᠷᠢᠭ ᠤᠨ ᠠᠯᠪᠠᠨ ᠠᠴᠠ ᠪᠠᠭᠤᠭᠰᠠᠳ ᠲᠤ | ᠦᠢᠯᠡᠴᠢᠯᠡᠬᠦ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵3︶ ᠴᠡᠷᠢᠭ ᠤᠨ ᠠᠯᠪᠠᠨ ᠠᠴᠠ ᠪᠠᠭᠤᠭᠰᠠᠳ ᠢ ᠬᠥᠮᠦᠵᠢᠭᠦᠯᠦᠨ ᠪᠣᠯᠪᠠᠰᠤᠷᠠᠭᠤᠯᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠴᠡᠷᠢᠭ ᠤᠨ | ᠠᠯᠪᠠᠨ ᠠᠴᠠ ᠪᠠᠭᠤᠭᠰᠠᠳ ᠪᠠ ᠴᠡᠷᠢᠭ ᠢ ᠲᠠᠭᠠᠵᠤ ᠠᠵᠢᠯ ᠰᠢᠯᠵᠢᠭᠰᠡᠨ ᠭᠡᠷ ᠪᠦᠯᠢ ᠶᠢᠨ ᠬᠢᠨ ᠤ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠵᠣᠬᠢᠴᠠᠭᠤᠯᠤᠨ | ᠲᠡᠳᠬᠦᠨ᠎ᠡ᠃ | ︵4︶ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠠᠭᠠᠷᠢᠨ ᠪᠠᠷᠠᠭᠤᠨ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠣᠨᠴᠣᠭᠤᠶ | ᠪᠠᠲᠤᠯᠠᠭ᠎ᠠ ᠶᠢᠨ ᠲᠠᠯ᠎ᠠ ᠶᠢᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ | ︵5︶ ᠣᠷᠣᠨ ᠨᠤᠲᠤᠭ ᠲᠤ ᠰᠢᠯᠵᠢᠭᠦᠯᠦᠨ ᠲᠤᠰᠢᠶᠠᠭᠰᠠᠨ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ | ᠴᠡᠷᠢᠭ᠂ ᠨᠥᠬᠦᠴᠡᠯ ᠳᠤ ᠨᠡᠶᠢᠴᠡᠬᠦ ᠪᠤᠰᠤᠳ ᠴᠡᠷᠢᠭ ᠤᠨ ᠠᠯᠪᠠᠨ ᠠᠴᠠ ᠪᠠᠭᠤᠭᠰᠠᠳ ᠪᠠ ᠴᠡᠷᠢᠭ ᠤᠨ ᠬᠠᠷᠢᠶ᠎ᠠ ᠦᠭᠡᠢ ᠠᠵᠢᠯ ᠠᠴᠠ ᠪᠠᠨ ᠪᠠᠭᠤᠵᠤ ᠠᠮᠠᠷᠠᠭᠰᠠᠨ ᠪᠠ | ᠠᠵᠢᠯ ᠠᠴᠠ ᠪᠠᠨ ᠪᠠᠭᠤᠭᠰᠠᠨ ᠠᠵᠢᠯᠳᠠᠨ ᠠᠵᠢᠯᠴᠢᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ ᠵᠢᠴᠢ ᠴᠡᠷᠢᠭ ᠤᠨ ᠠᠯᠪᠠᠨ ᠠᠴᠠ ᠪᠠᠭᠤᠭᠰᠠᠳ ᠤᠨ ᠡᠮ | ᠡᠮᠨᠡᠯᠭᠡ ᠶᠢᠨ ᠪᠠᠲᠤᠯᠠᠭ᠎ᠠ᠂ ᠨᠡᠶᠢᠭᠡᠮ ᠤᠨ ᠳᠠᠭᠠᠳᠬᠠᠯ ᠵᠡᠷᠭᠡ ᠬᠠᠷᠠᠭᠠᠯᠵᠠᠯ ᠤᠨ ᠪᠠᠲᠤᠯᠠᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ | ᠨᠠᠶᠢᠳᠠᠪᠤᠷᠢᠵᠢᠭᠤᠯᠤᠨ᠎ᠠ᠃ | ︵6︶ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ ᠬᠠᠮᠢᠶᠠᠷᠤᠯᠲᠠ ᠪᠠ ᠠᠰᠠᠷᠠᠮᠵᠢ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ | ᠴᠡᠷᠢᠭ ᠠᠴᠠ ᠬᠠᠯᠠᠭᠳᠠᠭᠰᠠᠳ ᠤᠨ ᠡᠮᠴᠢᠯᠡᠭᠡ᠂ ᠰᠤᠪᠢᠯᠠᠯᠲᠠ᠂ ᠨᠠᠰᠤᠵᠢᠯ ᠤᠨ ᠠᠰᠠᠷᠠᠮᠵᠢ ᠵᠡᠷᠭᠡ ᠪᠠᠶᠢᠭᠤᠯᠤᠮᠵᠢ ᠶᠢᠨ ᠬᠤᠯᠪᠣᠭᠳᠠᠯ ᠪᠥᠬᠦᠶ ᠲᠥᠯᠥᠪᠵᠢᠭᠦᠯᠭᠡ ᠶᠢᠨ | ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠦᠷᠭᠦᠯᠵᠢᠯᠡᠨ ᠠᠯᠪᠠ ᠬᠠᠭᠠᠬᠤ ᠳᠤ ᠲᠣᠬᠢᠷᠠᠮᠵᠢ ᠦᠭᠡᠢ | ᠰᠢᠷᠬᠠᠲᠤᠭᠰᠠᠨ᠂ ᠡᠪᠡᠳᠴᠢᠨ ᠲᠠᠢ᠂ ᠵᠡᠮᠳᠡᠭ ᠴᠡᠷᠢᠭ ᠤᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ᠴᠡᠷᠢᠭ ᠤᠨ ᠬᠠᠩᠭᠠᠯᠭ᠎ᠠ ᠶᠢᠨ ᠦᠢᠯᠡᠴᠢᠯᠡᠭᠡ | ᠪᠠᠲᠤᠯᠠᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵7︶ ᠪᠦᠬᠦ ᠬᠤᠰᠢᠭᠤᠨ ᠤ ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ | ᠵᠢᠩᠬᠢᠨᠢ ᠠᠯᠪᠠᠨ ᠤ ᠴᠡᠷᠢᠭ᠂ ᠴᠡᠷᠢᠭ ᠠᠴᠠ ᠬᠠᠯᠠᠭᠳᠠᠭᠰᠠᠳ᠂ ᠴᠡᠷᠢᠭ ᠠᠩᠭᠢ ᠶᠢᠨ ᠪᠢᠴᠢᠭ ᠤᠨ ᠲᠤᠰᠢᠶᠠᠯᠲᠠᠨ ᠪᠠ ᠴᠡᠷᠢᠭ ᠤᠨ ᠭᠡᠷ ᠪᠦᠯᠢ ᠶᠢᠨ ᠬᠢᠨ ᠤ | ᠬᠠᠷᠠᠭᠠᠯᠵᠠᠯ᠂ ᠠᠰᠠᠷᠠᠮᠵᠢ ᠵᠡᠷᠭᠡ ᠠᠵᠢᠯ ᠢ ᠬᠠᠷᠢᠭᠤᠴᠠᠨ᠎ᠠ᠃ | ︵8︶ ᠦᠷᠡᠭᠳᠡᠭᠰᠡᠨ ᠪᠠᠭᠠᠲᠤᠷᠴᠤᠳ ᠵᠢᠴᠢ ᠴᠡᠷᠢᠭ ᠠᠴᠠ ᠬᠠᠯᠠᠭᠳᠠᠭᠰᠠᠳ ᠤᠨ ᠢᠷᠠᠭᠤ ᠠᠯᠳᠠᠷ ᠤᠨ ᠱᠠᠩᠨᠠᠯ᠂ ᠴᠡᠷᠢᠭ ᠤᠨ ᠨᠡᠶᠢᠲᠡ ᠶᠢᠨ ᠣᠩᠭᠤᠨ ᠤ | ᠬᠠᠮᠢᠶᠠᠷᠤᠯᠲᠠ ᠬᠠᠮᠠᠭᠠᠯᠠᠯᠲᠠ᠂ ᠳᠤᠷᠠᠰᠬᠠᠬᠤ ᠠᠵᠢᠯᠯᠠᠭ᠎ᠠ ᠵᠡᠷᠭᠡ ᠠᠵᠢᠯ ᠢ ᠬᠠᠷᠢᠭᠤᠴᠠᠨ᠎ᠠ᠃ ᠦᠷᠡᠭᠳᠡᠭᠰᠡᠨ ᠪᠠᠭᠠᠲᠤᠷᠴᠤᠳ ᠢ ᠬᠠᠮᠠᠭᠠᠯᠠᠬᠤ ᠬᠤᠯᠪᠣᠭᠳᠠᠯ ᠪᠦᠬᠦᠢ | ᠠᠵᠢᠯ ᠢ ᠬᠠᠤᠯᠢ ᠶᠣᠰᠣᠭᠠᠷ ᠡᠭᠦᠷᠭᠡᠯᠡᠨ᠎ᠡ᠃ ᠬᠢᠨᠠᠨ ᠬᠠᠷᠭᠤᠭᠤᠯᠤᠭᠠᠳ ᠪᠦᠬᠦ ᠤᠯᠤᠰ᠂ ᠪᠦᠬᠦ ᠣᠷᠣᠨ᠂ ᠪᠦᠬᠦ ᠬᠤᠲᠠ᠂ ᠪᠦᠬᠦ ᠬᠤᠰᠢᠭᠤᠨ ᠤ ᠭᠤᠣᠯᠳᠠᠯᠭ᠎ᠠ ᠲᠠᠢ | ᠬᠠᠮᠠᠭᠠᠯᠠᠬᠤ ᠨᠢᠭᠡᠴᠡ ᠶᠢᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠪᠠᠷᠢᠯᠭ᠎ᠠ ᠶᠢᠨ ᠨᠡᠷᠡᠰ ᠲᠤ ᠵᠢᠭᠰᠠᠭᠠᠨ ᠤᠷᠤᠭᠤᠯᠤᠨ᠎ᠠ᠃ ᠴᠡᠷᠢᠭ ᠤᠨ ᠠᠯᠪᠠᠨ ᠠᠴᠠ | ᠪᠠᠭᠤᠭᠰᠠᠳ᠂ ᠴᠡᠷᠢᠭ ᠤᠨ ᠠᠯᠪᠠᠨ ᠠᠴᠠ ᠪᠠᠭᠤᠭᠰᠠᠳ ᠤᠨ ᠠᠵᠢᠯ ᠤᠨ ᠨᠢᠭᠡᠴᠢ ᠪᠠ ᠬᠤᠪᠢ ᠬᠥᠮᠦᠨ ᠤ ᠲᠡᠷᠢᠭᠦᠨ ᠤ ᠨᠡᠶᠢᠲᠡᠯᠢᠭ ᠦᠢᠯᠡ ᠠᠵᠢᠯᠯᠠᠭ᠎ᠠ ᠶᠢ ᠳ᠋ᠦᠩᠨᠡᠨ | ᠰᠠᠶᠢᠰᠢᠶᠠᠵᠤ ᠤᠬᠠᠭᠤᠯᠤᠨ᠎ᠠ᠃ | ︵9︶ ᠴᠡᠷᠢᠭ ᠠᠴᠠ ᠬᠠᠯᠠᠭᠳᠠᠭᠰᠠᠳ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠲᠦᠷᠦ ᠶᠢᠨ ᠪᠤᠳᠤᠯᠭ᠎ᠠ ᠶᠢᠨ ᠠᠷᠭ᠎ᠠ | ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠵᠢᠯᠣᠭᠤᠳᠬᠤ ᠶᠢᠨ ᠬᠠᠮᠲᠤ ᠬᠢᠨᠠᠯᠲᠠ ᠲᠠᠯᠪᠢᠨ ᠪᠠᠶᠢᠴᠠᠭᠠᠵᠤ᠂ ᠴᠡᠷᠢᠭ ᠠᠴᠠ ᠬᠠᠯᠠᠭᠳᠠᠭᠰᠠᠳ ᠤᠨ ᠡᠷᠬᠡ ᠠᠰᠢᠭ ᠢ | ᠬᠠᠮᠠᠭᠠᠯᠠᠬᠤ ᠪᠠ ᠬᠤᠯᠪᠣᠭᠳᠠᠯ ᠪᠦᠬᠦᠢ ᠬᠥᠮᠦᠰ ᠢ ᠬᠠᠪᠰᠤᠷᠤᠨ ᠲᠡᠳᠬᠦᠵᠦ ᠲᠤᠰᠠᠯᠠᠬᠤ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ | ︵10︶ ᠬᠤᠰᠢᠭᠤᠨ ᠤ ᠨᠠᠮ ᠤᠨ ᠬᠤᠷᠢᠶ᠎ᠠ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ | ᠭᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ | ︵11︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | ︵12︶ ᠡᠭᠦᠷᠭᠡ ᠴᠢᠳᠠᠪᠤᠷᠢ ᠶᠢ ᠬᠤᠪᠢᠷᠠᠭᠤᠯᠤᠨ᠎ᠠ᠃ ᠪᠠᠭᠠᠷᠢᠨ ᠪᠠᠷᠠᠭᠤᠨ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ | ᠲᠣᠪᠴᠢᠶ᠎ᠠ ᠨᠢ ᠴᠡᠷᠢᠭ ᠠᠴᠠ ᠬᠠᠯᠠᠭᠳᠠᠭᠰᠠᠳ ᠤᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠪᠠ ᠦᠢᠯᠡᠴᠢᠯᠡᠬᠡᠨ ᠤ ᠪᠠᠲᠤᠯᠠᠭ᠎ᠠ ᠶᠢᠨ ᠰᠢᠰᠲ᠋ᠧᠮᠵᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠲᠥᠪᠯᠡᠷᠡᠩᠭᠦᠶ ᠨᠢᠭᠡᠳᠦᠯᠲᠡᠶ᠂ ᠡᠭᠦᠷᠭᠡ ᠬᠠᠷᠢᠭᠤᠴᠠᠯᠭ᠎ᠠ ᠲᠣᠳᠣᠷᠬᠠᠶ ᠴᠡᠷᠢᠭ ᠠᠴᠠ ᠬᠠᠯᠠᠭᠳᠠᠭᠰᠠᠳ ᠤᠨ ᠬᠠᠮᠢᠶᠠᠷᠤᠯᠲᠠ ᠶᠢᠨ | ᠪᠠᠲᠤᠯᠠᠭ᠎ᠠ ᠶᠢᠨ ᠪᠠᠶᠢᠭᠤᠯᠤᠯ ᠢ ᠪᠠᠶᠢᠭᠤᠯᠤᠨ ᠪᠦᠷᠢᠨᠰᠢᠬᠦᠯᠵᠦ᠂ ᠡᠯ᠎ᠡ ᠲᠠᠯ᠎ᠠ ᠶᠢᠨ ᠬᠦᠴᠦᠨ ᠢ ᠵᠣᠬᠢᠴᠠᠭᠤᠯᠵᠤ ᠪᠠᠶᠢᠭᠠᠳ ᠴᠡᠷᠢᠭ ᠤᠨ ᠬᠡᠷ ᠪᠦᠯᠢ ᠳᠤ ᠨᠠᠩ ᠰᠠᠶᠢᠨ | ᠦᠢᠯᠡᠴᠢᠯᠡᠭᠦᠯᠦᠨᠠ᠃ ᠴᠡᠷᠢᠭ ᠤᠨ ᠬᠥᠮᠦᠨ ᠴᠡᠷᠢᠭ ᠤᠨ ᠭᠡᠷ ᠪᠦᠯᠢ ᠶᠢᠨ ᠬᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠴᠡᠷᠢᠭ ᠤᠨ ᠬᠥᠮᠦᠨ ᠢ ᠪᠦᠬᠦ | ᠨᠡᠶᠢᠭᠡᠮ ᠢᠶᠠᠷ ᠢᠶᠠᠨ ᠬᠦᠨᠳᠦᠳᠬᠡᠬᠦ ᠲᠤᠬᠠᠶᠢᠯᠠᠭᠰᠠᠨ ᠠᠵᠢᠯ ᠪᠣᠯᠭᠠᠵᠤ᠂ ᠴᠡᠷᠢᠭ ᠠᠴᠠ ᠬᠠᠯᠠᠭᠳᠠᠭᠰᠠᠳ ᠤᠨ ᠨᠠᠮ᠂ ᠤᠯᠤᠰ ᠣᠷᠣᠨ ᠪᠠ ᠠᠷᠠᠳ ᠲᠦᠮᠡᠨ ᠤ | ᠲᠥᠯᠥᠭᠡ ᠠᠮᠢ ᠪᠡᠶ᠎ᠡ ᠪᠠᠨ ᠵᠣᠷᠢᠭᠤᠯᠬᠤ ᠵᠣᠷᠢᠭ ᠰᠠᠨᠠᠭᠠᠨ ᠤ ᠬᠡᠪ ᠨᠠᠮᠪᠠ ᠪᠠ ᠦᠷᠳᠡᠭ ᠤᠨ ᠤᠳᠤᠷᠢᠳᠤᠮᠵᠢ ᠶᠢ ᠮᠠᠭᠲᠠᠨ ᠰᠠᠶᠢᠰᠢᠶᠠᠵᠤ᠂ ᠴᠡᠷᠢᠭ ᠠᠩᠬᠢ ᠶᠢᠨ | ᠲᠠᠶᠢᠴᠢᠨ ᠬᠦᠴᠦᠨ ᠪᠠ ᠨᠢᠭᠲᠠᠷᠠᠯ ᠤᠨ ᠬᠦᠴᠦᠨ ᠢ ᠴᠢᠩᠭᠠᠳᠬᠠᠬᠤ ᠳᠤ ᠨᠡᠩ ᠰᠠᠶᠢᠨ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠰᠠᠶᠢᠲᠤᠷ ᠬᠢᠨ᠎ᠡ᠃ | ᠬᠤᠶᠠᠷ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ | 1᠂ ᠠᠯᠪᠠᠨ ᠭᠡᠷ︔ 2᠂ ᠰᠢᠯᠵᠢᠭᠦᠯᠦᠨ ᠲᠤᠰᠢᠶᠠᠵᠤ ᠲᠦᠪᠬᠢᠨᠡᠬᠦᠯᠬᠦ ᠲᠠᠰᠤᠭ︔ 3᠂ ᠴᠡᠷᠢᠭ ᠢᠶᠠᠨ ᠬᠦᠷᠢᠶᠡᠯᠡᠨ ᠠᠰᠠᠷᠠᠨ ᠬᠠᠷᠠᠭᠠᠯᠵᠠᠬᠤ ᠪᠠ | ᠮᠠᠭᠲᠠᠨ ᠰᠠᠶᠢᠰᠢᠶᠠᠬᠤ ᠳᠤᠷᠠᠰᠬᠠᠯ ᠤᠨ ᠲᠠᠰᠤᠭ︔ 4᠂ ᠦᠵᠡᠯ ᠰᠠᠨᠠᠭ᠎ᠠ ᠤᠯᠤᠰ ᠲᠦᠷᠦ ᠪᠠ ᠡᠷᠬᠡ ᠠᠰᠢᠭ ᠢ ᠬᠠᠮᠠᠭᠠᠯᠠᠬᠤ ᠲᠠᠰᠤᠭ︔ 5᠂ ᠡᠳ᠋ ᠤᠨ | ᠶᠠᠪᠤᠳᠠᠯ ᠤᠨ ᠲᠠᠰᠤᠭ | ᠭᠤᠷᠪᠠ᠂ ᠬᠠᠷᠢᠯᠴᠠᠬᠤ ᠠᠷᠭ᠎ᠠ ᠮᠠᠶ᠋ᠢᠭ | ᠠᠵᠢᠯᠯᠠᠬᠤ ᠬᠠᠶ᠋ᠢᠭ᠄ ᠪᠠᠭᠠᠷᠢᠨ ᠪᠠᠷᠠᠭᠤᠨ ᠬᠤᠰᠢᠭᠤᠨ ᠤ ᠴᠠᠭᠠᠨᠮᠦ᠋ᠷᠡᠨ ᠵᠡᠭᠡᠯᠢ ᠶᠢᠨ ᠳᠤᠮᠳᠠ ᠬᠡᠰᠡᠭ | ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ᠂ ᠦᠳᠡ ᠶᠢᠨ ᠡᠮᠦᠨ᠎ᠡ 8᠄ 30 — 11᠄ 30 ᠂ ᠦᠳᠡ ᠶᠢᠨ ᠬᠤᠶᠢᠨ᠎ᠠ | 14᠄ 30 — 17᠄ 30 | ᠬᠠᠷᠢᠯᠴᠠᠬᠤ ᠤᠲᠠᠰᠤ᠄ 0476 — 6216311 ᠬᠠᠷᠢᠭᠤᠴᠠᠯᠭᠠᠲᠠᠨ᠄ ᠵᠤᠤ ᠱᠦ ᠾᠧᠩ |