| | | | ᠣᠶᠢᠷ᠎ᠠ ᠳᠤ᠂ ᠬᠠᠤᠯᠢ ᠴᠠᠭᠠᠵᠠ ᠶᠢᠨ ᠶᠠᠮᠤᠨ᠂ ᠤᠯᠤᠰ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢᠵᠢᠯᠳᠠ ᠶᠢᠨ ᠠᠯᠪᠠᠨ ᠭᠡᠷ ︽ᠨᠠᠰᠤᠨ ᠳᠤ ᠥᠯᠥ | ᠭᠦᠷᠦᠭᠰᠡᠳ ᠤᠨ ᠰᠦᠯᠵᠢᠶᠡᠨ ᠤ ᠬᠠᠮᠠᠭᠠᠯᠠᠯᠲᠠ ᠶᠢᠨ ᠳᠦᠷᠢᠮ ︵ᠲᠥᠰᠥᠯ︶︾ ᠢ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠵᠤ᠂ ᠤᠯᠠᠮ ᠨᠢᠭᠡ ᠠᠯᠬᠤᠮ | ᠵᠠᠰᠠᠪᠤᠷᠢ ᠣᠷᠣᠭᠤᠯᠵᠤ ᠲᠡᠭᠦᠯᠳᠡᠷᠵᠢᠭᠦᠯᠦᠭᠰᠡᠨ ᠤ ᠳᠠᠷᠠᠭ᠎ᠠ ᠬᠠᠤᠯᠢ ᠲᠣᠭᠲᠠᠭᠠᠬᠤ ᠠᠬᠢᠴᠠ ᠶᠢ ᠲᠦᠷᠭᠡᠳᠬᠡᠨ ᠠᠬᠢᠭᠤᠯᠬᠤ ᠪᠣᠯᠣᠨ᠎ᠠ᠃ | ᠲᠥᠰᠥᠯ ᠳᠤ᠂ ᠨᠠᠰᠤᠨ ᠳᠤ ᠥᠯᠥ ᠭᠦᠷᠦᠭᠰᠡᠳ ᠤᠨ ᠰᠦᠯᠵᠢᠶᠡᠨ ᠤ ᠬᠡᠪ ᠪᠣᠯᠪᠠᠰᠤᠷᠠᠯ ᠢ ᠠᠬᠢᠭᠤᠯᠬᠤ᠂ ᠰᠦᠯᠵᠢᠶᠡᠨ ᠤ ᠮᠡᠳᠡᠭᠡ ᠵᠠᠩᠭᠢ ᠢᠢᠨ | ᠠᠭᠤᠯᠭ᠎ᠠ ᠢᠢ ᠵᠢᠷᠤᠮᠵᠢᠭᠤᠯᠬᠤ᠂ ᠨᠠᠰᠤᠨ ᠳᠤ ᠥᠯᠥ ᠭᠦᠷᠦᠭᠰᠡᠳ ᠤᠨ ᠬᠤᠪᠢ ᠬᠥᠮᠥᠨ ᠤ ᠮᠡᠳᠡᠭᠡ ᠵᠠᠩᠭᠢ ᠢᠢᠨ ᠰᠦᠯᠵᠢᠶᠡᠨ ᠤ ᠬᠠᠮᠠᠭᠠᠯᠠᠯᠲᠠ᠂ ᠨᠠᠰᠤᠨ ᠳᠤ | ᠥᠯᠥ ᠭᠦᠷᠦᠭᠰᠡᠳ ᠤᠨ ᠰᠦᠯᠵᠢᠶᠡᠨ ᠤ ᠰᠢᠨᠤᠯ ᠢ ᠰᠡᠷᠭᠡᠶᠢᠯᠡᠬᠦ ᠵᠡᠷᠭᠡ ᠲᠠᠯ᠎ᠠ ᠪᠠᠷ ᠲᠣᠭᠲᠠᠭᠠᠯ ᠭᠠᠷᠭᠠᠭᠰᠠᠨ ᠪᠥᠭᠡᠳ ᠬᠤᠯᠪᠣᠭᠳᠠᠯ ᠪᠦᠬᠦᠢ ᠬᠠᠤᠯᠢ ᠠᠴᠠ | ᠵᠥᠷᠢᠴᠡᠭᠰᠡᠨ ᠠᠵᠢᠯᠯᠠᠭ᠎ᠠ ᠳᠤ ᠬᠠᠷᠠᠭᠠᠯᠵᠠᠭᠰᠠᠨ ᠬᠠᠤᠯᠢ ᠢᠢᠨ ᠬᠠᠷᠢᠭᠤᠴᠠᠯᠭ᠎ᠠ ᠨᠡᠬᠡᠮᠵᠢᠯᠡᠬᠦ ᠳᠠᠯ᠎ᠠ ᠪᠠᠷ ᠲᠤᠭᠲᠠᠭᠠᠯ ᠭᠠᠷᠭᠠᠵᠠᠢ᠃ ᠨᠠᠰᠤᠨ ᠳᠤ ᠥᠯᠥ | ᠭᠦᠷᠦᠭᠰᠡᠳ ᠤᠨ ᠰᠦᠯᠵᠢᠶᠡᠨ ᠤ ᠬᠠᠮᠠᠭᠠᠯᠠᠯᠲᠠ ᠶᠢᠨ ᠠᠵᠢᠯ ᠳᠤ ᠲᠤᠯᠭᠠᠷᠠᠵᠤ ᠪᠠᠶᠢᠭ᠎ᠠ ᠲᠣᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ | ᠣᠶᠢᠷ᠎ᠠ ᠶᠢᠨ ᠵᠢᠯ ᠤᠨ ᠲᠤᠷᠰᠢᠬᠢ ᠨᠠᠰᠤᠨ ᠳᠤ ᠥᠯᠥ ᠭᠦᠷᠦᠭᠰᠡᠳ ᠤᠨ ᠰᠦᠯᠵᠢᠶᠡᠨ ᠤ ᠬᠠᠮᠠᠭᠠᠯᠠᠯᠲᠠ ᠶᠢᠨ ᠠᠵᠢᠯ ᠤᠨ ᠦᠢᠯᠡᠳᠦᠯᠭᠡ ᠶᠢᠨ ᠲᠤᠷᠰᠢᠯᠭ᠎ᠠ ᠶᠢ | ᠳ᠋ᠦᠩᠨᠡᠵᠦ᠂ ᠪᠣᠯᠪᠠᠰᠤᠷᠠᠩᠭᠤᠢ ᠪᠣᠯᠤᠭᠰᠠᠨ ᠠᠷᠭ᠎ᠠ ᠬᠢᠳᠡᠯ ᠢ ᠬᠠᠤᠯᠢ ᠲᠣᠭᠲᠠᠭᠠᠯ ᠳᠦᠷᠢᠮ ᠪᠣᠯᠭᠠᠨ ᠳᠡᠭᠡᠭᠰᠢᠯᠡᠭᠦᠯᠵᠦ᠂ ᠰᠦᠯᠵᠢᠶᠡᠨ ᠤ ᠶᠡᠷᠦᠩᠬᠡᠶᠢᠯᠡᠭᠰᠡᠨ | ᠵᠠᠰᠠᠯᠲᠠ ᠶᠢᠨ ᠰᠢᠰᠲᠤᠮ ᠢ ᠳᠡᠬᠦᠯᠳᠡᠷᠵᠢᠬᠦᠯᠪᠡ᠃ | ᠪᠦᠷᠢᠳᠬᠡᠯ ᠠᠴᠠ ᠦᠵᠡᠪᠡᠯ᠂ 2021 ᠣᠨ ᠳᠤ ᠮᠠᠨ ᠤ ᠤᠯᠤᠰ ᠤᠨ ᠨᠠᠰᠤᠨ ᠳᠤ ᠥᠯᠥ ᠬᠦᠷᠦᠭᠰᠡᠨ ᠰᠦᠯᠵᠢᠶᠡᠨ ᠠᠷᠠᠳ ᠤᠨ ᠬᠡᠪᠴᠢᠶ᠎ᠡ ᠨᠢᠭᠡᠨᠲᠡ | 1.91 ᠳ᠋ᠦᠩᠰᠢᠭᠤᠷ ᠲᠤ ᠬᠦᠷᠴᠦ᠂ ᠨᠠᠰᠤᠨ ᠳᠤ ᠥᠯᠥ ᠬᠦᠷᠦᠭᠰᠡᠳ ᠤᠨ ᠢᠨᠲ᠋ᠧᠷ ᠰᠦᠯᠵᠢᠶᠡᠨ ᠤ ᠲᠦᠭᠡᠮᠡᠯᠵᠢᠭᠰᠡᠨ ᠨᠣᠷᠮ᠎ᠠ 96.8% ᠳᠤ ᠬᠦᠷᠴᠡᠢ᠃ | ᠢᠨᠲ᠋ᠧᠷ ᠰᠦᠯᠵᠢᠶ᠎ᠡ ᠨᠢ ᠨᠠᠰᠤᠨ ᠳᠤ ᠥᠯᠥ ᠬᠦᠷᠦᠭᠰᠡᠳ ᠤᠨ ᠰᠤᠷᠤᠯᠴᠠᠬᠤ᠂ ᠠᠮᠢᠳᠤᠷᠠᠬᠤ ᠣᠷᠣᠨ ᠵᠠᠢ ᠶᠢ ᠥᠷᠭᠡᠳᠬᠡᠬᠦ ᠶᠢᠨ ᠬᠠᠮᠲᠤ ᠪᠠᠰᠠ ᠡᠳᠦᠢ ᠲᠡᠳᠦᠢ | ᠠᠰᠠᠭᠤᠳᠠᠯ ᠠᠪᠴᠢᠷᠠᠭᠰᠠᠨ ᠪᠠᠶᠢᠨ᠎ᠠ᠃ ᠵᠢᠱᠢᠶᠡᠯᠡᠪᠡᠯ ᠨᠠᠰᠤᠨ ᠳᠤ ᠥᠯᠥ ᠭᠦᠷᠦᠭᠰᠡᠳ ᠤᠨ ᠰᠦᠯᠵᠢᠶ᠎ᠡ ᠶᠢ ᠠᠮᠤᠷ ᠲᠦᠪᠰᠢᠨ ᠵᠦᠢ ᠵᠣᠬᠢᠰᠲᠠᠢ ᠪᠠᠷ ᠬᠡᠷᠡᠭᠯᠡᠬᠦ | ᠤᠬᠠᠮᠰᠠᠷ ᠪᠠ ᠴᠢᠳᠠᠪᠤᠷᠢ ᠨᠢ ᠴᠢᠩᠭ᠎ᠠ ᠪᠢᠰᠢ᠂ ᠰᠦᠯᠵᠢᠶᠡᠨ ᠳᠡᠭᠡᠷᠡᠬᠢ ᠬᠠᠤᠯᠢ ᠵᠥᠷᠢᠴᠡᠭᠰᠡᠨ ᠪᠠ ᠡᠷᠡᠭᠦᠯ ᠪᠤᠰᠤ ᠮᠡᠳᠡᠭᠡ ᠵᠠᠩᠭᠢ ᠨᠢ ᠨᠠᠰᠤᠨ ᠳᠤ ᠥᠯᠥ | ᠭᠦᠷᠦᠭᠰᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠨᠥᠯᠥᠭᠡᠯᠡᠵᠦ᠂ ᠨᠠᠰᠤᠨ ᠳᠤ ᠥᠯᠥ ᠭᠦᠷᠦᠭᠰᠡᠳ ᠤᠨ ᠬᠤᠪᠢ ᠬᠥᠮᠥᠨ ᠤ ᠮᠡᠳᠡᠭᠡ ᠵᠠᠩᠭᠢ ᠶᠢ | ᠳᠤᠷ᠎ᠠ ᠪᠠᠷ ᠢᠶᠠᠨ ᠬᠡᠷᠡᠭᠯᠡᠵᠦ᠂ ᠵᠠᠷᠢᠮ ᠨᠠᠰᠤᠨ ᠳᠤ ᠥᠯᠥ ᠭᠦᠷᠦᠭᠰᠡᠳ ᠰᠦᠯᠵᠢᠶ᠎ᠡ ᠳᠤ ᠰᠢᠨᠤᠬᠤ ᠵᠡᠷᠭᠡ ᠠᠰᠠᠭᠤᠳᠠᠯ ᠳᠤᠯᠭᠠᠷᠠᠪᠠ᠃ ᠡᠶᠢᠮᠦ ᠶᠢᠨ ᠳᠤᠯᠠᠳᠠ ᠬᠠᠤᠯᠢ | ᠲᠣᠭᠲᠠᠭᠠᠯᠲᠠ ᠶᠢ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠤᠯᠤᠰ᠂ ᠨᠡᠶᠢᠭᠡᠮ᠂ ᠰᠤᠷᠭᠠᠭᠤᠯᠢ᠂ ᠭᠡᠷ ᠪᠦᠯᠢ ᠵᠡᠷᠭᠡ ᠭᠤᠣᠯ ᠴᠣᠭᠴᠠ ᠶᠢᠨ ᠨᠠᠰᠤᠨ ᠳᠤ ᠥᠯᠥ | ᠭᠦᠷᠦᠭᠰᠡᠳ ᠤᠨ ᠰᠦᠯᠵᠢᠶ᠎ᠡ ᠶᠢ ᠬᠠᠮᠠᠭᠠᠯᠠᠬᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠦᠯᠵᠢᠶᠡᠨ ᠤ ᠮᠡᠳᠡᠭᠡ ᠵᠠᠩᠭᠢ ᠶᠢᠨ ᠠᠭᠤᠯᠭ᠎ᠠ ᠶᠢᠨ | ᠬᠠᠮᠢᠶᠠᠷᠤᠯᠲᠠ ᠶᠢ ᠵᠢᠷᠤᠮᠵᠢᠭᠤᠯᠤᠨ᠂ ᠨᠠᠰᠤᠨ ᠳᠤ ᠥᠯᠥ ᠭᠦᠷᠦᠭᠰᠡᠳ ᠤᠨ ᠬᠤᠪᠢ ᠬᠥᠮᠥᠨ ᠤ ᠮᠡᠳᠡᠭᠡ ᠵᠠᠩᠭᠢ ᠶᠢ ᠬᠠᠮᠠᠭᠠᠯᠠᠵᠤ᠂ ᠨᠠᠰᠤᠨ ᠳᠤ ᠥᠯᠥ | ᠭᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠠᠰᠢᠭᠲᠠᠢ ᠰᠦᠯᠵᠢᠶᠡᠨ ᠤ ᠣᠷᠴᠢᠨ ᠢ ᠪᠤᠢ ᠪᠤᠯᠭᠠᠬᠤ ᠬᠡᠷᠡᠭᠳᠡᠢ ᠪᠤᠯᠤᠭᠠᠳ ᠪᠠᠶᠢᠨ᠎ᠠ᠃ | ᠣᠶᠢᠯᠠᠭᠠᠭᠰᠠᠨ ᠢᠶᠠᠷ᠂ ᠬᠠᠤᠯᠢ ᠴᠠᠭᠠᠵᠠ ᠶᠢᠨ ᠶᠠᠮᠤᠨ ᠨᠢ ᠵᠠᠰᠠᠭ ᠵᠠᠬᠢᠷᠭᠠᠨ ᠤ ᠬᠠᠤᠯᠢ ᠲᠣᠭᠲᠠᠭᠠᠬᠤ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ | ᠠᠷᠠᠳ ᠣᠯᠠᠨ ᠤ ᠬᠠᠤᠯᠢ ᠪᠠᠷ ᠵᠠᠰᠠᠬᠤ ᠠᠵᠢᠯ ᠤᠨ ᠲᠤᠬᠠᠢ ᠰᠢᠨ᠎ᠡ ᠬᠦᠰᠡᠯ ᠰᠢᠨ᠎ᠡ ᠱᠠᠭᠠᠷᠳᠠᠯᠭ᠎ᠠ ᠳᠤ ᠢᠳᠡᠪᠬᠢᠲᠡᠢ ᠪᠠᠷ ᠬᠠᠷᠢᠭᠤᠯᠲᠠ ᠥᠭᠴᠦ᠂ ᠠᠷᠠᠳ ᠣᠯᠠᠨ ᠤ | ᠠᠩᠬᠠᠷᠴᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠪᠡ᠃ ᠬᠠᠤᠯᠢ ᠴᠠᠭᠠᠵᠠ ᠶᠢᠨ ᠶᠠᠮᠤᠨ᠂ ᠤᠯᠤᠰ ᠤᠨ ᠰᠦᠯᠵᠢᠶᠡᠨ ᠤ ᠮᠡᠳᠡᠭᠡ ᠵᠠᠩᠭᠢᠵᠢᠯᠲᠠ ᠶᠢᠨ | ᠠᠯᠪᠠᠨ ᠭᠡᠷ ᠲᠦᠷᠦ ᠶᠢᠨ ᠶᠠᠪᠤᠳᠠᠯ ᠤᠨ ᠬᠤᠷᠢᠶ᠎ᠡ ᠶᠢᠨ 2023 ᠣᠨ ᠤ ᠬᠠᠤᠯᠢ ᠲᠣᠭᠲᠠᠭᠠᠬᠤ ᠠᠵᠢᠯ ᠤᠨ ᠲᠥᠯᠥᠪᠯᠡᠭᠡ ᠶᠢ ᠢᠳᠡᠪᠬᠢᠲᠡᠢ ᠨᠠᠶᠢᠳᠠᠪᠤᠷᠢᠵᠢᠭᠤᠯᠵᠤ᠂ | ᠲᠥᠰᠥᠯ ᠢ ᠲᠤᠭᠤᠷᠪᠢᠬᠤ ᠪᠠ ᠬᠢᠨᠠᠨ ᠪᠠᠶᠢᠴᠠᠭᠠᠬᠤ ᠶᠠᠪᠤᠴᠠ ᠳᠤ ᠶᠡᠭᠡ ᠬᠡᠮᠵᠢᠶᠡᠨ ᠤ ᠨᠠᠷᠢᠨ ᠨᠢᠮᠪᠠᠢ ᠠᠵᠢᠯ ᠬᠢᠵᠦ᠂ ᠤᠯᠠᠨ ᠤᠳᠠᠭ᠎ᠠ ᠨᠡᠶᠢᠭᠡᠮ ᠨᠡᠶᠢᠲᠡ ᠠᠴᠠ | ᠢᠯᠡ ᠪᠠᠷ ᠰᠠᠨᠠᠯ ᠬᠤᠷᠢᠶᠠᠵᠤ᠂ ᠲᠥᠪ ᠤᠨ ᠬᠤᠯᠪᠣᠭᠳᠠᠯ ᠪᠦᠬᠦᠢ ᠨᠢᠭᠡᠴᠢ᠂ ᠬᠡᠰᠡᠭ ᠣᠷᠣᠨ ᠨᠤᠲᠤᠭ ᠤᠨ ᠵᠠᠰᠠᠭ ᠤᠨ ᠣᠷᠳᠣᠨ ᠪᠣᠯᠣᠨ ᠬᠤᠯᠪᠣᠭᠳᠠᠯ ᠪᠦᠬᠦᠢ | ᠠᠵᠤ ᠠᠬᠤᠶᠢᠯᠠᠯ᠂ ᠠᠵᠢᠯ ᠲᠦᠷᠦᠯ ᠤᠨ ᠨᠡᠶᠢᠭᠡᠮᠯᠢᠭ ᠪᠣᠯᠣᠨ ᠲᠤᠰᠬᠠᠢ ᠮᠡᠷᠭᠡᠵᠢᠯᠲᠡᠨ ᠤ ᠰᠠᠨᠠᠯ ᠢ ᠥᠷᠭᠡᠨ ᠢᠶᠠᠷ ᠬᠤᠷᠢᠶᠠᠵᠤ᠂ ᠨᠡᠶᠢᠭᠡᠮ ᠤᠨ ᠬᠠᠮᠲᠤ ᠶᠢᠨ | ᠲᠠᠨᠢᠯᠲᠠ ᠶᠢ ᠨᠢᠭᠲᠠᠷᠠᠭᠤᠯᠪᠠ᠃ ᠲᠠᠬᠢᠨ ᠳᠠᠪᠲᠠᠨ ᠰᠤᠳᠤᠯᠤᠨ ᠨᠤᠲᠠᠯᠠᠵᠤ᠂ ᠤᠯᠠᠨ ᠤᠳᠠᠭ᠎ᠠ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠬᠠᠤᠯᠢ ᠲᠣᠭᠲᠠᠭᠠᠬᠤ | ᠲᠠᠯ᠎ᠠ ᠠᠴᠠ ᠨᠠᠰᠤᠨ ᠳᠤ ᠦᠯᠤ ᠬᠥᠷᠦᠭᠰᠡᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ ᠰᠤᠷᠲᠠᠯ ᠴᠢᠬᠡᠴᠢ ᠣᠪᠣᠷ ᠲᠥᠪ ᠰᠦᠯᠵᠢᠶᠡᠨ ᠤ ᠣᠷᠣᠨ | ᠵᠠᠢ ᠶᠢ ᠪᠤᠢ ᠪᠣᠯᠭᠠᠵᠦ ᠪᠤᠢ᠃ |