| | | | ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠬᠡᠦᠬᠡᠳ ᠨᠢᠯᠬᠠᠰ ᠤᠨ ᠬᠠᠭᠤᠷᠠᠢ ᠰᠦ ᠶᠢᠨ ᠪᠦᠲᠦᠭᠡᠭᠳᠡᠬᠦᠨ ᠤ ᠨᠠᠶᠢᠷᠠᠯᠭ᠎ᠠ ᠶᠢ ᠳᠠᠩᠰᠠᠯᠠᠨ ᠬᠠᠮᠢᠶᠠᠷᠬᠤ | ᠳᠦᠷᠢᠮ︾ ᠢ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ᠡᠭᠦᠨ ᠳᠤ ᠬᠡᠦᠬᠡᠳ ᠨᠢᠯᠬᠠᠰ ᠤᠨ ᠬᠠᠭᠤᠷᠠᠢ ᠰᠦ ᠶᠢᠨ ᠱᠣᠰᠢᠭ᠎ᠠ ᠲᠡᠮᠳᠡᠭ | ᠂ ᠲᠠᠶᠢᠯᠪᠤᠷᠢ ᠳᠤ ︽ᠭᠠᠳᠠᠭᠠᠳᠤ ᠠᠴᠠ ᠣᠷᠣᠭᠤᠯᠤᠭᠰᠠᠨ ᠰᠦ ᠪᠠᠷ ᠨᠠᠶᠢᠷᠠᠭᠤᠯᠤᠭᠰᠠᠨ︾ ᠵᠡᠷᠭᠡ ᠪᠠᠯᠠᠷᠬᠠᠢ ᠠᠭᠤᠯᠭ᠎ᠠ ᠶᠢ ᠪᠢᠴᠢᠵᠦ ᠣᠷᠣᠭᠤᠯᠬᠤ ᠶᠢ ᠴᠠᠭᠠᠵᠠᠯᠠᠵᠠᠢ᠃ | ︽ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠵᠠᠰᠠᠭ ᠵᠠᠬᠢᠷᠭᠠᠨ ᠤ ᠲᠣᠷᠭᠠᠭᠤᠯᠢ ᠶᠢᠨ ᠲᠦᠷ ᠬᠡᠷᠡᠭᠵᠢᠭᠦᠯᠬᠦ ᠳᠦᠷᠢᠮ︾ ᠢ 10 ᠳ᠋ᠤᠭᠠᠷ ᠰᠠᠷ᠎ᠠ ᠶᠢᠨ 15 ᠤ | ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ᠡᠭᠦᠨ ᠳᠤ ᠰᠢᠨᠵᠢᠯᠡᠬᠦ ᠤᠬᠠᠭᠠᠨ ᠤ ᠲᠥᠷᠥᠯ ᠤᠨ ᠪᠣᠯᠪᠠᠰᠤᠷᠠᠯ ᠢ ᠰᠤᠷᠭᠠᠭᠤᠯᠢ ᠶᠢᠨ ᠭᠠᠳᠠᠨ᠎ᠠ ᠨᠢᠭᠤᠴᠠ ᠪᠠᠷ | ᠬᠡᠯᠪᠡᠷᠢ ᠶᠢ ᠨᠢ ᠬᠤᠪᠢᠷᠠᠭᠤᠯᠵᠤ ᠥᠷᠨᠢᠭᠦᠯᠬᠦ ᠵᠡᠷᠭᠡ ᠠᠵᠢᠯᠯᠠᠭ᠎ᠠ ᠳᠤ ᠴᠣᠬᠢᠯᠲᠠ ᠥᠭᠬᠦ ᠪᠠᠷ ᠪᠣᠯᠵᠠᠢ᠃ ︽ᠠᠮᠤ ᠬᠦᠨᠡᠰᠦᠨ ᠤ ᠴᠢᠨᠠᠷ ᠤᠨ ᠠᠶᠣᠯᠭᠦᠢ ᠪᠠᠶᠢᠬᠤ ᠶᠢ | ᠬᠢᠨᠠᠵᠤ ᠬᠠᠮᠢᠶᠠᠷᠬᠤ ᠳᠦᠷᠢᠮ︾ ᠢ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ᠡᠭᠦᠨ ᠳᠤ ᠠᠮᠤ ᠪᠤᠳᠠᠭ᠎ᠠ ᠡᠵᠡᠩᠨᠡᠭᠴᠢᠳ ᠨᠢ ᠠᠮᠤ | ᠬᠦᠨᠡᠰᠦᠨ ᠤ ᠴᠢᠨᠠᠷ ᠤᠨ ᠠᠶᠣᠯᠭᠦᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠳᠠᠭᠠᠭᠠᠨ᠎ᠠ ᠭᠡᠵᠤ ᠲᠣᠳᠣᠷᠬᠠᠶᠢᠯᠠᠵᠠᠢ᠃ ︽ᠠᠵᠤ ᠠᠬᠤᠶᠢᠯᠠᠯ ᠤᠨ | ᠨᠡᠷᠡᠶᠢᠳᠦᠯᠭᠡ ᠶᠢ ᠳᠠᠩᠰᠠᠯᠠᠨ ᠬᠠᠮᠢᠶᠠᠷᠬᠤ ᠲᠣᠭᠲᠠᠭᠠᠯ ᠢ ᠬᠡᠷᠡᠭᠵᠢᠭᠦᠯᠬᠦ ᠳᠦᠷᠢᠮ︾ ᠢ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ | ᠡᠭᠦᠨ ᠳᠤ ᠠᠵᠤ ᠠᠬᠤᠶᠢᠯᠠᠯ ᠤᠨ ᠨᠡᠷᠡᠶᠢᠳᠦᠯᠭᠡ ᠶᠢ ᠳᠠᠩᠰᠠᠯᠠᠬᠤ ᠳᠤ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠲᠥᠷᠥ ᠶᠢᠨ ᠪᠣᠳᠣᠯᠭ᠎ᠠ ᠲᠠᠢ | ᠬᠤᠯᠪᠣᠭᠳᠠᠬᠤ ᠦᠭᠡ ᠦᠰᠦᠭ ᠢ ᠬᠡᠷᠡᠭᠯᠡᠬᠦ ᠶᠢ ᠴᠠᠭᠠᠵᠠᠯᠠᠭᠰᠠᠨ ᠪᠠᠶᠢᠨ᠎ᠠ᠃ ︽ᠬᠠᠷᠠᠭ᠎ᠠ ᠰᠣᠨᠣᠷ ᠤᠨ ᠬᠤᠮᠰᠠᠳᠠᠯ ᠲᠠᠢ ᠵᠡᠮᠳᠡᠭᠴᠦᠳ ᠤᠨ ᠨᠡᠶᠢᠲᠡ ᠶᠢᠨ | ᠬᠡᠷᠡᠭᠯᠡᠭᠡᠨ ᠤ ᠬᠡᠯᠡ ᠪᠢᠴᠢᠭ ᠤᠨ ᠬᠢᠷᠢ ᠲᠦᠪᠰᠢᠨ ᠤ ᠰᠢᠯᠭᠠᠯᠲᠠ ᠶᠢᠨ ᠬᠠᠮᠢᠶᠠᠷᠤᠯᠲᠠ ᠶᠢᠨ ᠲᠤᠷᠰᠢᠨ ᠬᠡᠷᠡᠭᠵᠢᠭᠦᠯᠬᠦ ᠳᠦᠷᠢᠮ︾ ᠢ 10 ᠳ᠋ᠤᠭᠠᠷ ᠰᠠᠷ᠎ᠠ ᠶᠢᠨ 1 ᠤ | ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ᠡᠭᠦᠨ ᠳᠤ ᠬᠠᠷᠠᠭ᠎ᠠ ᠰᠣᠨᠣᠷ ᠤᠨ ᠬᠤᠮᠰᠠᠳᠠᠯ ᠲᠠᠢ ᠬᠥᠮᠥᠰ ᠨᠡᠶᠢᠲᠡ ᠶᠢᠨ ᠬᠡᠷᠡᠭᠯᠡᠭᠡᠨ ᠤ ᠬᠡᠯᠡ ᠪᠢᠴᠢᠭ ᠤᠨ ᠬᠢᠷᠢ | ᠲᠦᠪᠰᠢᠨ ᠤ ᠰᠢᠯᠭᠠᠯᠲᠠ ᠳᠤ ᠣᠷᠣᠯᠴᠠᠵᠤ ᠪᠣᠯᠣᠨ᠎ᠠ ᠭᠡᠵᠤ ᠲᠣᠭᠲᠠᠭᠠᠵᠠᠢ᠃ ︽ᠱᠠᠩᠬᠠᠢ ᠬᠤᠲᠠ ᠶᠢᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠳᠦᠷᠢᠮ︾ ᠢ 10 | ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ᠡᠭᠦᠨ ᠳᠤ ᠱᠠᠩᠬᠠᠢ ᠬᠤᠲᠠ ᠶᠢᠨ ᠬᠡᠭᠡᠷ᠎ᠡ ᠶᠢᠨ ᠠᠮᠢᠲᠠᠨ ᠣᠷᠣᠩᠨᠠᠬᠤ ᠭᠠᠵᠠᠷ ᠤᠨ ᠳᠦᠷᠢᠮ ᠢ | ᠪᠠᠶᠢᠭᠤᠯᠤᠭᠰᠠᠨ ᠪᠠᠶᠢᠨ᠎ᠠ᠃ ︽ᠬᠤᠪᠧᠢ ᠮᠤᠵᠢ ᠶᠢᠨ ᠰᠤᠷᠭᠠᠭᠤᠯᠢ ᠶᠢᠨ ᠣᠶᠢᠷ᠎ᠠ ᠬᠠᠪᠢ ᠶᠢᠨ ᠠᠶᠣᠯᠭᠦᠢ ᠶᠢᠨ ᠣᠷᠣᠨ ᠤ ᠬᠠᠮᠢᠶᠠᠷᠤᠯᠲᠠ ᠶᠢᠨ ᠳᠦᠷᠢᠮ︾ ᠢ 10 | ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ᠡᠭᠦᠨ ᠳᠤ ᠬᠤᠪᠧᠢ ᠮᠤᠵᠢ ᠶᠢᠨ ᠬᠢᠨ ᠰᠤᠷᠭᠠᠭᠤᠯᠢ ᠶᠢᠨ ᠣᠶᠢᠷ᠎ᠠ ᠬᠠᠪᠢ ᠶᠢᠨ 200 | ᠮᠧᠳ᠋ᠷ ᠤᠨ ᠵᠠᠢ ᠳᠤ ᠠᠶᠣᠯᠭᠦᠢ ᠶᠢᠨ ᠣᠷᠣᠨ ᠭᠠᠷᠭᠠᠨ᠎ᠠ ᠭᠡᠵᠤ ᠲᠣᠭᠲᠠᠵᠠᠢ᠃ ︽ᠬᠠᠶᠢᠰᠢ ᠶᠢᠨ ᠮᠣᠩᠭᠤᠯ ᠦᠨᠳᠦᠰᠦᠲᠡᠨ ᠲᠥᠪᠡᠳ ᠦᠨᠳᠦᠰᠦᠲᠡᠨ ᠤ ᠥᠪᠡᠷᠲᠡᠭᠡᠨ | ᠵᠠᠰᠠᠬᠤ ᠵᠧᠦ ᠶᠢᠨ ᠮᠦᠷᠢ ᠶᠢᠨ ᠠᠭᠤᠯᠠ ᠠᠭᠤᠷᠬᠠᠢ ᠶᠢᠨ ᠣᠷᠣᠨ ᠤ ᠠᠮᠢ ᠠᠬᠤᠢ ᠪᠠᠶᠢᠭᠠᠯᠢ ᠣᠷᠴᠢᠨ ᠤ ᠬᠠᠮᠠᠭᠠᠯᠠᠯᠲᠠ ᠶᠢᠨ ᠳᠦᠷᠢᠮ︾ ᠢ 10 ᠳ᠋ᠤᠭᠠᠷ ᠰᠠᠷ᠎ᠠ ᠶᠢᠨ | 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ᠡᠨᠡ ᠪᠣᠯ ᠬᠥᠬᠡᠨᠠᠭᠤᠷ ᠮᠤᠵᠢ ᠶᠢᠨ ᠠᠭᠤᠯᠠ ᠠᠭᠤᠷᠬᠠᠢ ᠶᠢᠨ ᠣᠷᠣᠨ ᠤ ᠠᠮᠢ ᠠᠬᠤᠢ ᠪᠠᠶᠢᠭᠠᠯᠢ ᠣᠷᠴᠢᠨ ᠤ | ᠬᠠᠮᠠᠭᠠᠯᠠᠯᠲᠠ ᠶᠢᠨ ᠠᠩᠬᠠᠳᠠᠭᠴᠢ ᠳᠦᠷᠢᠮ ᠲᠣᠭᠲᠠᠭᠠᠯ ᠪᠣᠯᠣᠨ᠎ᠠ᠃ |