| | | ᠨᠢᠭᠡ᠂ ᠭᠤᠤᠯ ᠡᠭᠦᠷᠭᠡ ᠬᠠᠷᠢᠭᠤᠴᠠᠯᠭ᠎ᠠ | ︵ᠨᠢᠭᠡ︶ ᠪᠠᠶᠢᠭᠤᠯᠭ᠎ᠠ ᠶᠢᠨ ᠡᠭᠦᠷᠭᠡ ᠴᠢᠳᠠᠪᠬᠢ᠄ | 1. ᠨᠠᠮ ᠤᠨ ᠦᠨᠳᠦᠰᠦᠲᠡᠨ ᠤ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠰᠡᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠦᠨᠳᠦᠰᠦᠲᠡᠨ ᠤ | ᠣᠨᠣᠯ ᠪᠠ ᠦᠨᠳᠦᠰᠦᠲᠡᠨ ᠤ ᠠᠵᠢᠯ ᠤᠨ ᠴᠢᠬᠤᠯᠠ ᠶᠡᠭᠡ ᠠᠰᠠᠭᠤᠳᠠᠯ ᠤᠨ ᠪᠠᠶᠢᠴᠠᠭᠠᠨ ᠰᠤᠳᠤᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠦᠨᠳᠦᠰᠦᠲᠡᠨ ᠤ | ᠠᠵᠢᠯ ᠤᠨ ᠬᠠᠮᠢᠶ᠎ᠠ ᠪᠥᠬᠦᠶ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠬᠤ ᠶᠢᠨ ᠬᠠᠮᠲᠤ ᠬᠡᠷᠡᠭᠵᠢᠭᠦᠯᠵᠦ ᠪᠠᠶᠢᠭ᠎ᠠ ᠪᠠᠶᠢᠳᠠᠯ ᠢ ᠰᠢᠮᠳᠠᠭᠤᠯᠤᠨ | ᠪᠠᠶᠢᠴᠠᠭᠠᠵᠤ᠂ ᠦᠨᠳᠦᠰᠦᠲᠡᠨ ᠤ ᠣᠨᠣᠯ᠂ ᠦᠨᠳᠦᠰᠦᠲᠡᠨ ᠤ ᠲᠥᠷᠥ ᠶᠢᠨ ᠪᠣᠳᠣᠯᠭ᠎ᠠ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ | ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | 2. ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠦᠨᠳᠦᠰᠦᠲᠡᠨ ᠤ ᠬᠠᠷᠢᠴᠠᠭ᠎ᠠ ᠶᠢ | ᠵᠣᠬᠢᠴᠠᠭᠤᠯᠬᠤ ᠠᠵᠢᠯ ᠤᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠦᠨᠳᠦᠰᠦᠲᠡᠨ ᠤ ᠬᠠᠷᠢᠴᠠᠭᠠᠨ ᠳᠠᠬᠢ ᠴᠢᠬᠤᠯᠠ ᠶᠡᠭᠡ ᠬᠡᠷᠡᠭ ᠶᠠᠪᠤᠳᠠᠯ ᠢ ᠵᠣᠬᠢᠴᠠᠭᠤᠯᠤᠨ | ᠰᠢᠢᠳᠪᠦᠷᠢᠯᠡᠨ᠎ᠡ᠃ ᠦᠨᠳᠦᠰᠦᠲᠡᠨ ᠨᠦᠭᠦᠳ ᠤᠨ ᠡᠷᠬᠡ ᠠᠰᠢᠭ ᠲᠤ ᠬᠤᠯᠪᠣᠭᠳᠠᠭᠰᠠᠨ ᠬᠡᠷᠡᠭ ᠶᠠᠪᠤᠳᠠᠯ ᠢ ᠬᠢᠨᠠᠨ ᠰᠢᠢᠳᠪᠦᠷᠢᠯᠡᠵᠦ᠂ ᠦᠨᠳᠦᠰᠦᠲᠡᠨ ᠨᠦᠭᠦᠳ ᠤᠨ | ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠨᠡᠶᠢᠭᠡᠮ ᠤᠨ ᠲᠣᠭᠲᠠᠭᠤᠨ ᠪᠠᠶᠢᠳᠠᠯ ᠢ ᠵᠣᠬᠢᠴᠠᠭᠤᠯᠤᠨ ᠬᠠᠮᠠᠭᠠᠯᠠᠬᠤ ᠠᠵᠢᠯ ᠳᠤ ᠣᠷᠣᠯᠴᠠᠵᠤ᠂ | ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠬᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠵᠤ᠂ ᠤᠯᠤᠰ ᠣᠷᠣᠨ ᠤ ᠨᠢᠭᠡᠳᠦᠯ ᠢ | ᠬᠠᠮᠠᠭᠠᠯᠠᠨ᠎ᠠ᠃ | 3. ᠦᠨᠳᠦᠰᠦᠲᠡᠨ ᠤ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠠᠯ᠎ᠠ ᠶᠢᠨ ᠠᠰᠠᠭᠤᠳᠠᠯ ᠢ ᠰᠤᠳᠤᠯᠬᠤ ᠶᠢᠨ ᠬᠠᠮᠲᠤ | ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ ᠱᠠᠭᠠᠷᠳᠠᠵᠦ ᠪᠠᠶᠢᠭᠠᠳ ᠦᠨᠳᠦᠰᠦᠲᠡᠨ ᠤ | ᠠᠵᠢᠯ ᠤᠨ ᠬᠤᠯᠪᠣᠭᠳᠠᠯ ᠪᠦᠬᠦᠢ ᠲᠤᠰᠢᠶᠠᠯ ᠬᠠᠷᠢᠭᠤᠴᠠᠯᠭ᠎ᠠ ᠶᠢ ᠨᠢ ᠭᠦᠢᠴᠡᠳᠬᠡᠭᠦᠯᠵᠦ᠂ ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠠᠵᠤ ᠠᠬᠤᠶ ᠶᠢᠨ | ᠬᠥᠭᠵᠢᠯᠲᠡ ᠪᠠ ᠨᠡᠶᠢᠭᠡᠮ ᠤᠨ ᠦᠢᠯᠡᠰ ᠤᠨ ᠬᠤᠯᠪᠣᠭᠳᠠᠯ ᠪᠦᠬᠦᠢ ᠬᠦᠷᠢᠶᠡᠨ ᠳᠠᠬᠢ ᠬᠡᠷᠡᠭᠵᠢᠭᠦᠯᠦᠯᠲᠡ᠂ ᠵᠣᠯᠭᠠᠯᠳᠤᠯ ᠢ ᠠᠬᠢᠭᠤᠯᠤᠨ᠎ᠠ᠃ ᠰᠢᠨᠵᠢᠯᠡᠬᠦ ᠤᠬᠠᠭᠠᠨ | ᠮᠡᠷᠭᠡᠵᠢᠯ ᠤᠨ ᠬᠥᠭᠵᠢᠯᠲᠡ ᠶᠢ ᠵᠣᠬᠢᠴᠠᠭᠤᠯᠬᠤ᠂ ᠠᠵᠢᠯ ᠲᠦᠷᠦᠯ ᠤᠨ ᠰᠢᠰᠲ᠋ᠧᠮ ᠢᠶᠠᠷ ᠢᠶᠠᠨ ᠳᠡᠮᠵᠢᠬᠦ ᠪᠠ ᠠᠵᠤ ᠠᠬᠤᠶ ᠮᠡᠷᠭᠡᠵᠢᠯ ᠤᠨ ᠲᠠᠯ᠎ᠠ ᠪᠠᠷ ᠬᠠᠮᠲᠤᠷᠠᠨ | ᠠᠵᠢᠯᠯᠠᠬᠤ᠂ ᠦᠨᠳᠦᠰᠦᠲᠡᠨ ᠤ ᠣᠨᠴᠠ ᠬᠡᠷᠡᠭᠴᠡᠭᠡᠨ ᠤ ᠬᠡᠷᠡᠭᠰᠡᠯ ᠤᠨ ᠦᠢᠯᠡᠳᠪᠦᠷᠢᠯᠡᠯ ᠢ ᠵᠣᠬᠢᠴᠠᠭᠤᠯᠬᠤ ᠵᠡᠷᠭᠡ ᠬᠤᠯᠪᠣᠭᠳᠠᠯ ᠪᠦᠬᠦᠢ ᠠᠵᠢᠯ ᠳᠤ ᠣᠷᠣᠯᠴᠠᠨ᠎ᠠ᠃ | | 4. ᠦᠨᠳᠦᠰᠦᠲᠡᠨ ᠤ ᠠᠵᠢᠯ ᠦᠢᠯᠡᠰ ᠤᠨ ᠬᠥᠭᠵᠢᠯᠲᠡ ᠵᠡᠷᠭᠡ ᠲᠤᠰᠬᠠᠶ ᠲᠥᠯᠥᠪᠵᠢᠭᠦᠯᠭᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ | ᠲᠠᠯᠪᠢᠵᠤ ᠪᠠᠶᠢᠴᠠᠭᠠᠯᠲᠠ ᠬᠢᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠠᠮᠢᠶ᠎ᠠ ᠪᠥᠬᠦᠶ ᠬᠦᠷᠢᠶ᠎ᠡ ᠴᠠᠷᠠᠭ᠎ᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ | ᠲᠣᠭᠲᠠᠭᠠᠬᠤ ᠳᠤ ᠣᠷᠣᠯᠴᠠᠵᠤ᠂ ᠦᠨᠳᠦᠰᠦᠲᠡᠨ ᠤ ᠠᠵᠢᠯ ᠦᠢᠯᠡᠰ ᠤᠨ ᠬᠥᠭᠵᠢᠯᠲᠡ ᠶᠢ ᠶᠡᠷᠦᠩᠬᠡᠶᠢᠯᠡᠨ ᠦᠨᠡᠯᠡᠵᠦ ᠬᠢᠨᠠᠨ ᠬᠡᠮᠵᠢᠬᠦ ᠬᠠᠮᠢᠶ᠎ᠠ ᠪᠥᠬᠦᠶ ᠠᠵᠢᠯ ᠢ | ᠰᠠᠶᠢᠲᠤᠷ ᠬᠢᠵᠦ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠪᠥᠲᠥᠭᠡᠨ | ᠪᠠᠶᠢᠭᠤᠯᠤᠯᠲᠠ ᠶᠢ ᠠᠬᠢᠭᠤᠯᠤᠨ᠎ᠠ᠃ | 5. ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠳᠡᠯᠭᠡᠷᠡᠭᠦᠯᠦᠨ ᠬᠡᠷᠡᠭᠯᠡᠵᠦ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ | ᠥᠰᠥᠭ ᠪᠢᠴᠢᠭ ᠢ ᠰᠤᠷᠤᠯᠴᠠᠬᠤ᠂ ᠬᠡᠷᠡᠭᠯᠡᠬᠦ᠂ ᠰᠤᠳᠤᠯᠬᠤ᠂ ᠬᠥᠭᠵᠢᠭᠦᠯᠬᠦ᠂ ᠬᠠᠮᠠᠭᠠᠯᠠᠬᠤ᠂ ᠤᠯᠠᠮᠵᠢᠯᠠᠬᠤ ᠠᠵᠢᠯ ᠢ ᠰᠠᠶᠢᠲᠤᠷ ᠬᠢᠨ᠎ᠠ᠃ | 6. ᠦᠨᠳᠦᠰᠦᠲᠡᠨ ᠤ ᠠᠵᠢᠯ ᠤᠨ ᠬᠦᠷᠢᠶᠡᠨ ᠳᠠᠬᠢ ᠬᠤᠯᠪᠣᠭᠳᠠᠯ ᠪᠦᠬᠦᠢ ᠭᠠᠳᠠᠭᠠᠳᠤ ᠯᠤᠭ᠎ᠠ ᠶᠢᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠵᠣᠬᠢᠶᠠᠨ | ᠪᠠᠶᠢᠭᠤᠯᠤᠨ ᠵᠣᠬᠢᠴᠠᠭᠤᠯᠤᠨ᠎ᠠ᠃ ᠦᠨᠳᠦᠰᠦᠲᠡᠨ ᠤ ᠬᠡᠷᠡᠭ ᠶᠠᠪᠤᠳᠠᠯ ᠳᠤ ᠬᠤᠯᠪᠣᠭᠳᠠᠬᠤ ᠭᠠᠳᠠᠭᠠᠳᠤ ᠤᠬᠠᠭᠤᠯᠭ᠎ᠠ ᠶᠢᠨ ᠠᠵᠢᠯ ᠳᠤ ᠤᠷᠤᠯᠴᠠᠨ᠎ᠠ᠃ | 7. ᠴᠥᠭᠡᠨ ᠲᠣᠭᠠᠲᠤ ᠦᠨᠳᠦᠰᠦᠲᠡᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠳᠤ | ᠣᠷᠣᠯᠴᠠᠵᠤ᠂ ᠴᠥᠭᠡᠨ ᠲᠣᠭᠠᠲᠤ ᠦᠨᠳᠦᠰᠦᠲᠡᠨ ᠤ ᠲᠥᠯᠥᠭᠡᠯᠡᠭᠴᠢ ᠬᠥᠮᠦᠰ ᠲᠠᠢ ᠬᠠᠷᠢᠯᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠴᠥᠭᠡᠨ | ᠲᠣᠭᠠᠲᠤ ᠦᠨᠳᠦᠰᠦᠲᠡᠨ ᠤ ᠺᠠᠳ᠋ᠷ ᠪᠠ ᠴᠢᠳᠠᠪᠤᠷᠢᠲᠠᠨ ᠢ ᠬᠥᠮᠦᠵᠢᠭᠦᠯᠬᠦ᠂ ᠬᠥᠮᠦᠵᠢᠭᠦᠯᠬᠦ ᠪᠠ ᠬᠡᠷᠡᠭᠯᠡᠬᠦ ᠠᠵᠢᠯ ᠢ ᠰᠠᠶᠢᠲᠤᠷ ᠬᠢᠨ᠎ᠡ᠃ | ᠬᠤᠶᠠᠷ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ | ︵ᠨᠢᠭᠡ︶ ᠠᠯᠪᠠᠨ ᠬᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠢ ᠬᠠᠷᠢᠭᠤᠴᠠᠵᠤ᠂ ᠪᠢᠴᠢᠭ ᠴᠠᠬᠢᠯᠭᠠᠨ ᠮᠡᠳᠡᠭᠡ ᠬᠤᠷᠠᠯ ᠤᠨ ᠶᠠᠪᠤᠳᠠᠯ | ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠺᠠᠳ᠋ᠷ ᠠᠵᠢᠯᠲᠠᠨ ᠤ ᠶᠠᠪᠤᠳᠠᠯ᠂ ᠡᠳ᠋ ᠤᠨ ᠶᠠᠪᠤᠳᠠᠯ ᠤᠨ ᠬᠠᠮᠢᠶᠠᠷᠤᠯᠲᠠ᠂ ᠪᠢᠴᠢᠭ ᠬᠠᠷ᠎ᠠ ᠲᠠᠩᠰᠠ ᠡᠪᠬᠡᠮᠡᠯ᠂ ᠨᠢᠭᠤᠴᠠ | ᠴᠢᠬᠤᠯᠠ ᠵᠦᠢᠯ ᠤᠨ ᠨᠢᠭᠤᠴᠠ ᠶᠢ ᠬᠠᠮᠠᠭᠠᠯᠠᠬᠤ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠵᠡᠷᠭᠡ ᠠᠵᠢᠯ ᠢ ᠡᠭᠦᠷᠭᠡᠯᠡᠨ᠎ᠡ᠃ ᠦᠨᠳᠦᠰᠦᠲᠡᠨ ᠨᠦᠭᠦᠳ ᠤᠨ | ᠴᠢᠬᠤᠯᠠ ᠰᠤᠷᠤᠯᠴᠠᠬᠤ᠂ ᠲᠣᠭᠤᠷᠢᠨ ᠦᠵᠡᠬᠦ᠂ ᠰᠢᠨᠵᠢᠯᠡᠨ ᠪᠠᠶᠢᠴᠠᠭᠠᠬᠤ ᠵᠡᠷᠭᠡ ᠶᠠᠪᠤᠳᠠᠯ ᠤᠨ ᠪᠣᠳᠠᠲᠠᠶ ᠠᠵᠢᠯ ᠢ ᠬᠠᠷᠢᠭᠤᠴᠠᠨ᠎ᠠ᠃ ᠴᠥᠭᠡᠨ ᠲᠣᠭᠠᠲᠤ | ᠦᠨᠳᠦᠰᠦᠲᠡᠨ ᠤ ᠴᠢᠳᠠᠪᠤᠷᠢᠲᠠᠨ ᠤ ᠡᠩᠨᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠣᠭᠲᠠᠭᠠᠬᠤ ᠳᠤ ᠣᠷᠣᠯᠴᠠᠵᠤ᠂ ᠴᠥᠭᠡᠨ ᠲᠣᠭᠠᠲᠤ | ᠦᠨᠳᠦᠰᠦᠲᠡᠨ ᠤ ᠺᠠᠳ᠋ᠷ ᠲᠠᠢ ᠬᠠᠷᠢᠯᠴᠠᠬᠤ ᠪᠣᠳᠠᠲᠠᠶ ᠠᠵᠢᠯ ᠢ ᠡᠭᠦᠷᠭᠡᠯᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠴᠥᠭᠡᠨ ᠲᠣᠭᠠᠲᠤ | ᠦᠨᠳᠦᠰᠦᠲᠡᠨ ᠤ ᠺᠠᠳ᠋ᠷ ᠢ ᠬᠥᠮᠦᠵᠢᠭᠦᠯᠬᠦ᠂ ᠰᠢᠯᠢᠨ ᠰᠣᠩᠭᠤᠵᠤ ᠲᠠᠨᠢᠯᠴᠠᠭᠤᠯᠬᠤ ᠠᠵᠢᠯ ᠢ ᠳᠠᠭᠠᠭᠠᠨ ᠬᠢᠨ᠎ᠡ᠃ ᠦᠭᠡ ᠬᠡᠯᠡ ᠦᠰᠦᠭ ᠪᠢᠴᠢᠭ ᠤᠨ ᠲᠠᠯ᠎ᠠ ᠪᠠᠷ ᠬᠢ | ᠳᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠬᠤ ᠪᠠ ᠳᠠᠩᠰᠠᠯᠠᠵᠤ ᠬᠢᠨᠠᠨ ᠪᠠᠶᠢᠴᠠᠭᠠᠬᠤ ᠠᠵᠢᠯ ᠢ ᠡᠭᠦᠷᠭᠡᠯᠡᠵᠦ᠂ ᠵᠠᠰᠠᠭ ᠵᠠᠬᠢᠷᠭᠠᠨ ᠢᠶᠠᠷ ᠳᠠᠬᠢᠨ | ᠵᠥᠪᠯᠡᠭᠦᠯᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠡᠭᠦᠷᠭᠡᠯᠡᠨ᠎ᠡ︔ ᠦᠨᠳᠦᠰᠦᠲᠡᠨ ᠤ ᠬᠠᠷᠢᠴᠠᠭᠠᠨ ᠤ ᠭᠡᠨᠡᠳᠲᠡ ᠶᠢᠨ ᠬᠡᠷᠡᠭ ᠢ ᠤᠷᠢᠳᠴᠢᠯᠠᠨ | ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢᠨ ᠠᠰᠠᠭᠤᠳᠠᠯ ᠢ ᠰᠤᠳᠤᠯᠵᠤ᠂ ᠦᠨᠳᠦᠰᠦᠲᠡᠨ ᠤ ᠬᠠᠷᠢᠴᠠᠭ᠎ᠠ ᠶᠢ ᠵᠣᠬᠢᠴᠠᠭᠤᠯᠬᠤ ᠠᠵᠢᠯ ᠤᠨ | ᠰᠠᠨᠠᠭᠤᠯᠭ᠎ᠠ ᠳᠤᠷᠠᠳᠴᠤ᠂ ᠬᠤᠯᠪᠣᠭᠳᠠᠯ ᠪᠦᠬᠦᠢ ᠵᠣᠬᠢᠴᠠᠭᠤᠯᠤᠨ ᠰᠢᠢᠳᠪᠦᠷᠢᠯᠡᠬᠦ ᠠᠵᠢᠯ ᠢ ᠳᠠᠭᠠᠭᠠᠨ ᠬᠢᠨ᠎ᠡ᠃ | ︵ᠬᠤᠶᠠᠷ︶ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠲᠠᠰᠤᠭ᠃ ᠬᠤᠯᠪᠣᠭᠳᠠᠯ ᠪᠥᠬᠦᠶ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ | ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠤᠨ ᠠᠵᠢᠯ ᠢ ᠬᠠᠷᠢᠭᠤᠴᠠᠨ᠎ᠠ᠃ ᠦᠨᠳᠦᠰᠦᠲᠡᠨ ᠤ ᠠᠵᠢᠯ ᠤᠨ ᠲᠠᠯ᠎ᠠ ᠪᠠᠷ ᠬᠢ ᠪᠠᠶᠢᠴᠠᠭᠠᠨ ᠰᠤᠳᠤᠯᠬᠤ | ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ︔ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠳ᠋ᠦᠩᠨᠡᠯᠲᠡ ᠬᠢᠵᠦ ᠬᠥᠬᠢᠭᠦᠯᠦᠨ ᠰᠠᠶᠢᠰᠢᠶᠠᠬᠤ︔ | ᠦᠨᠳᠦᠰᠦᠲᠡᠨ ᠨᠦᠭᠦᠳ ᠤᠨ ᠵᠠᠩ ᠳᠠᠳᠬᠠᠯ ᠢ ᠬᠦᠨᠳᠦᠳᠬᠡᠬᠦ ᠳᠤ ᠬᠤᠯᠪᠣᠭᠳᠠᠬᠤ ᠬᠤᠯᠪᠣᠭᠳᠠᠯ ᠪᠦᠬᠦᠢ ᠬᠠᠮᠢᠶᠠᠷᠤᠯᠲᠠ ᠶᠢᠨ ᠠᠵᠢᠯ ᠤᠨ ᠪᠣᠳᠠᠲᠠᠶ ᠵᠢᠯᠤᠭᠤᠳᠤᠯᠭ᠎ᠠ | ᠪᠠ ᠵᠣᠬᠢᠴᠠᠭᠤᠯᠭ᠎ᠠ ᠶᠢ ᠳᠠᠭᠠᠭᠠᠨ ᠬᠢᠵᠦ᠂ ᠦᠨᠳᠦᠰᠦᠲᠡᠨ ᠤ ᠠᠵᠢᠯ ᠤᠨ ᠬᠦᠷᠢᠶᠡᠨ ᠳᠠᠬᠢ ᠭᠠᠳᠠᠭᠠᠳᠤ ᠯᠤᠭ᠎ᠠ ᠶᠢᠨ ᠪᠠ ᠰᠢᠶᠠᠩᠭᠠᠩ ᠣᠣᠮᠧᠨ ᠲᠠᠶᠢᠸᠠᠨ ᠤ | ᠬᠤᠯᠪᠣᠭᠳᠠᠯ ᠪᠦᠬᠦᠢ ᠰᠣᠯᠢᠯᠴᠠᠭ᠎ᠠ ᠬᠠᠮᠲᠤᠷᠠᠯᠴᠠᠭ᠎ᠠ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠲᠠᠶᠢᠸᠠᠨ ᠬᠤᠭᠤᠯᠠᠶ ᠶᠢᠨ ᠬᠤᠶᠠᠷ ᠲᠠᠯ᠎ᠠ ᠶᠢᠨ | ᠦᠨᠳᠦᠰᠦᠲᠡᠨ ᠨᠦᠭᠦᠳ ᠤᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢᠨ ᠬᠤᠯᠪᠣᠭᠳᠠᠯ ᠪᠦᠬᠦᠢ ᠵᠦᠢᠯᠡᠰ ᠪᠠ ᠠᠵᠢᠯᠯᠠᠭ᠎ᠠ ᠶᠢ ᠳᠠᠭᠠᠭᠠᠨ ᠬᠢᠨ᠎ᠡ᠃ ᠦᠨᠳᠦᠰᠦᠲᠡᠨ ᠤ | ᠪᠦᠷᠢᠯᠳᠦᠬᠦᠨ ᠤ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠳᠠᠭᠠᠭᠠᠨ ᠯᠠᠯᠤ ᠶᠢᠨ ᠢᠳᠡᠭᠡᠨ ᠤ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠬᠤ ᠪᠠ | ᠵᠣᠬᠢᠴᠠᠭᠤᠯᠬᠤ ᠠᠵᠢᠯ ᠢ ᠡᠭᠦᠷᠭᠡᠯᠡᠨ᠎ᠡ᠃ ᠦᠨᠳᠦᠰᠦᠲᠡᠨ ᠤ ᠠᠵᠢᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ | ᠪᠠᠶᠢᠭ᠎ᠠ ᠪᠠᠶᠢᠳᠠᠯ ᠢ ᠱᠠᠭᠠᠷᠳᠠᠨ ᠪᠠᠶᠢᠴᠠᠭᠠᠬᠤ ᠠᠵᠢᠯ ᠢ ᠡᠭᠦᠷᠭᠡᠯᠡᠨ᠎ᠡ᠃ ᠦᠨᠳᠦᠰᠦᠲᠡᠨ ᠨᠦᠭᠦᠳ ᠤᠨ ᠡᠷᠬᠡ ᠠᠰᠢᠭ ᠢ ᠪᠠᠲᠤᠯᠠᠬᠤ ᠶᠠᠪᠤᠳᠠᠯ ᠳᠤ ᠬᠢᠨᠠᠯᠲᠠ ᠲᠠᠯᠪᠢᠵᠤ | ᠰᠶᠢᠳᠪᠦᠷᠢᠯᠡᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠪᠥᠬᠦ ᠲᠠᠯ᠎ᠠ ᠪᠠᠷ ᠭᠦᠨᠵᠡᠭᠡᠶ ᠥᠷᠨᠢᠭᠦᠯᠬᠦ ᠰᠠᠨᠠᠯ ᠢ ᠰᠤᠳᠤᠯᠤᠨ | ᠳᠤᠷᠠᠳᠴᠤ᠂ ᠪᠥᠬᠦ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠵᠢᠯᠣᠭᠤᠳᠤᠨ᠎ᠠ᠃ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠦᠨᠳᠦᠰᠦᠲᠡᠨ ᠤ ᠠᠵᠢᠯ ᠤᠨ ᠬᠤᠯᠪᠣᠭᠳᠠᠯ ᠪᠦᠬᠦᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠵᠣᠬᠢᠴᠠᠭᠤᠯᠤᠨ | ᠦᠨᠳᠦᠰᠦᠲᠡᠨ ᠨᠦᠭᠦᠳ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠤ ᠠᠵᠤ ᠠᠬᠤᠶ ᠶᠢᠨ ᠬᠥᠭᠵᠢᠯᠲᠡ ᠪᠠ ᠰᠤᠷᠭᠠᠨ ᠬᠥᠮᠦᠵᠢᠯ᠂ ᠰᠣᠶᠣᠯ᠂ ᠪᠡᠶ᠎ᠡ ᠶᠢᠨ ᠲᠠᠮᠢᠷ᠂ | ᠡᠷᠡᠭᠦᠯ ᠬᠠᠮᠠᠭᠠᠯᠠᠯ᠂ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠨᠡᠶᠢᠭᠡᠮ ᠤᠨ ᠦᠢᠯᠡᠰ ᠤᠨ ᠬᠥᠭᠵᠢᠯᠲᠡ ᠶᠢᠨ ᠲᠤᠬᠠᠶ ᠣᠨᠴᠠᠭᠠᠶ ᠲᠦᠷᠦ ᠶᠢᠨ ᠪᠤᠳᠤᠯᠭ᠎ᠠ ᠶᠢᠨ | ᠰᠠᠨᠠᠭᠤᠯᠭ᠎ᠠ ᠶᠢ ᠰᠤᠳᠤᠯᠤᠨ ᠳᠤᠷᠠᠳᠴᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠵᠣᠬᠢᠴᠠᠭᠤᠯᠬᠤ ᠪᠤᠶᠤ ᠬᠠᠮᠵᠢᠯᠴᠠᠵᠤ ᠪᠠᠶᠢᠭᠠᠳ ᠬᠤᠯᠪᠣᠭᠳᠠᠯ ᠪᠦᠬᠦᠢ | ᠠᠵᠢᠯ ᠢ ᠥᠷᠨᠢᠭᠦᠯᠦᠨ᠎ᠡ︔ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠦᠨᠳᠦᠰᠦᠲᠡᠨ ᠨᠦᠭᠦᠳ ᠤᠨ ᠲᠥᠪᠯᠡᠷᠡᠨ ᠰᠠᠭᠤᠭᠰᠠᠨ ᠭᠠᠵᠠᠷ ᠣᠷᠣᠨ ᠤ | ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠵᠤ᠂ ᠲᠥᠯᠥᠪᠵᠢᠭᠦᠯᠭᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ | ᠲᠠᠯᠪᠢᠵᠤ ᠪᠠᠶᠢᠴᠠᠭᠠᠬᠤ ᠪᠣᠳᠠᠲᠠᠶ ᠠᠵᠢᠯ ᠢ ᠡᠭᠦᠷᠭᠡᠯᠡᠨ᠎ᠡ︔ ᠦᠨᠳᠦᠰᠦᠲᠡᠨ ᠤ ᠭᠠᠵᠠᠷ ᠣᠷᠣᠨ ᠤ ᠲᠤᠭ᠎ᠠ ᠪᠦᠷᠢᠳᠬᠡᠯ ᠤᠨ ᠵᠠᠳᠠᠯᠤᠯᠲᠠ ᠪᠠ ᠶᠡᠷᠦᠩᠬᠡᠶᠢᠯᠡᠨ | ᠦᠨᠡᠯᠡᠵᠦ ᠬᠢᠨᠠᠨ ᠬᠡᠮᠵᠢᠬᠦ ᠰᠢᠰᠲ᠋ᠧᠮ ᠤᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ︔ ᠦᠨᠳᠦᠰᠦᠲᠡᠨ ᠤ ᠭᠠᠵᠠᠷ ᠣᠷᠣᠨ ᠤ ᠠᠵᠢᠯ ᠲᠦᠷᠦᠯ ᠤᠨ | ᠰᠢᠰᠲ᠋ᠧᠮ ᠢᠶᠠᠷ ᠢᠶᠠᠨ ᠲᠤᠰᠠᠯᠠᠯᠴᠠᠬᠤ᠂ ᠠᠵᠤ ᠠᠬᠤᠶ ᠲᠧᠭᠨᠢᠭ ᠮᠡᠷᠭᠡᠵᠢᠯ ᠤᠨ ᠲᠠᠯ᠎ᠠ ᠪᠠᠷ ᠬᠠᠮᠲᠤᠷᠠᠨ ᠠᠵᠢᠯᠯᠠᠬᠤ ᠪᠠ ᠦᠨᠳᠦᠰᠦᠲᠡᠨ ᠤ ᠠᠷᠠᠯᠵᠢᠶ᠎ᠠ᠂ | ᠦᠨᠳᠦᠰᠦᠲᠡᠨ ᠤ ᠣᠨᠴᠠ ᠬᠡᠷᠡᠭᠴᠡᠭᠡᠨ ᠤ ᠲᠠᠸᠠᠷ ᠤᠨ ᠦᠢᠯᠡᠳᠪᠦᠷᠢᠯᠡᠯ ᠤᠨ ᠬᠤᠯᠪᠣᠭᠳᠠᠯ ᠪᠦᠬᠦᠢ ᠠᠵᠢᠯ ᠢ ᠵᠣᠬᠢᠴᠠᠭᠤᠯᠬᠤ ᠳᠤ ᠣᠷᠣᠯᠴᠠᠨ᠎ᠠ︔ ᠦᠨᠳᠦᠰᠦᠲᠡᠨ ᠤ | ᠬᠥᠭᠵᠢᠯᠲᠡ ᠶᠢᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠵᠢᠯ ᠪᠠ ᠶᠠᠳᠠᠭᠤ ᠶᠢ ᠲᠡᠳᠬᠦᠬᠦ ᠠᠵᠢᠯ ᠳᠤ ᠣᠷᠣᠯᠴᠠᠨ᠎ᠠ᠃ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠬᠠᠮᠲᠤᠷᠠᠨ ᠴᠢᠬᠤᠯᠠ ᠶᠡᠭᠡ ᠦᠨᠳᠦᠰᠦᠲᠡᠨ ᠤ ᠰᠣᠶᠣᠯ ᠤᠨ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠡᠷᠬᠢᠯᠡᠬᠦ ᠪᠠ | ᠦᠨᠳᠦᠰᠦᠲᠡᠨ ᠨᠦᠭᠦᠳ ᠤᠨ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠢ ᠳᠠᠭᠠᠭᠠᠨ ᠡᠷᠬᠢᠯᠡᠬᠦ ᠦᠨᠳᠦᠰᠦᠲᠡᠨ ᠨᠦᠭᠦᠳ ᠤᠨ ᠬᠤᠭᠤᠷᠣᠨᠳᠣᠬᠢ ᠰᠣᠶᠣᠯ | ᠤᠷᠠᠯᠢᠭ ᠤᠨ ᠬᠠᠮᠲᠤᠷᠠᠯᠴᠠᠭ᠎ᠠ ᠪᠠ ᠰᠣᠯᠢᠯᠴᠠᠭ᠎ᠠ ᠵᠡᠷᠭᠡ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ | ︵ᠭᠤᠷᠪᠠ︶ ᠪᠠᠶᠢᠭᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ᠃ ᠪᠠᠶᠢᠭᠤᠯᠭ᠎ᠠ ᠵᠢᠴᠢ ᠲᠡᠭᠦᠨ ᠤ ᠬᠠᠷᠢᠶ᠎ᠠ ᠠᠵᠢᠯ ᠦᠢᠯᠡᠰ ᠤᠨ ᠨᠢᠬᠡᠴᠠ ᠶᠢᠨ | ᠨᠠᠮ ᠤᠨ ᠪᠠᠶᠢᠭᠤᠯᠤᠯᠲᠠ᠂ ᠰᠠᠬᠢᠯᠭ᠎ᠠ ᠪᠠᠲᠤ ᠪᠠᠶᠢᠴᠠᠭᠠᠬᠤ᠂ ᠤᠯᠠᠨ ᠲᠦᠮᠡᠨ ᠤ ᠪᠦᠯᠬᠦᠮ ᠤᠨ ᠠᠵᠢᠯ ᠢ ᠬᠠᠷᠢᠭᠤᠴᠠᠨ᠎ᠠ᠃ | ᠭᠤᠷᠪᠠ᠂ ᠬᠠᠷᠢᠯᠴᠠᠬᠤ ᠠᠷᠭ᠎ᠠ ᠮᠠᠶ᠋ᠢᠭ | ᠠᠵᠢᠯᠯᠠᠬᠤ ᠬᠠᠶ᠋ᠢᠭ᠄ ᠪᠠᠭᠠᠷᠢᠨ ᠪᠠᠷᠠᠭᠤᠨ ᠬᠤᠰᠢᠭᠤᠨ ᠤ ᠨᠠᠮ ᠵᠠᠰᠠᠭ ᠤᠨ ᠶᠡᠷᠦᠩᠬᠡᠶᠢᠯᠡᠭᠰᠡᠨ ᠠᠰᠠᠷ ᠤᠨ 5 ᠳ᠋ᠤᠭᠠᠷ ᠲᠠᠪᠬᠤᠷᠭ᠎ᠠ | ᠠᠵᠢᠯᠯᠠᠬᠤ ᠴᠠᠭ᠄ 8᠄ 30 — 11᠄ 30 14᠄ 30 — 17᠄ 30 | ᠬᠠᠷᠢᠯᠴᠠᠬᠤ ᠤᠲᠠᠰᠤ᠄ 0476-6216645 0476-6206911 | ᠬᠠᠷᠢᠭᠤᠴᠠᠯᠭᠠᠲᠠᠨ᠄ ᠬᠤᠷᠴᠠ | |