| | | | ᠭᠤᠷᠪᠠᠳᠤᠭᠠᠷ ᠪᠦᠯᠦᠭ ᠰᠠᠭᠠᠳ ᠦᠭᠡᠢ ᠮᠡᠳᠡᠭᠡ ᠵᠠᠩᠭᠢ ᠶᠢᠨ ᠰᠣᠯᠢᠯᠴᠠᠭ᠎ᠠ | ᠬᠤᠷᠢ ᠶᠢᠰᠦᠳᠦᠭᠡᠷ ᠵᠦᠢᠯ᠄ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠤᠯᠤᠨ ᠲᠡᠭᠦᠨ ᠤ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠢᠨ ᠵᠡᠮᠳᠡᠭᠴᠦᠳ᠂ ᠨᠠᠰᠤᠲᠠᠶᠢᠴᠤᠳ ᠤᠨ ᠤᠯᠠᠨ ᠨᠡᠶᠢᠲᠡ ᠶᠢᠨ ᠮᠡᠳᠡᠭᠡ ᠵᠠᠩᠭᠢ ᠶᠢ ᠣᠯᠬᠤ ᠳᠤ ᠲᠦᠬᠦᠮ ᠦᠵᠡᠭᠦᠯᠬᠦ ᠬᠡᠷᠡᠭᠲᠡᠢ᠃ ᠪᠠᠶᠢᠭᠠᠯᠢ ᠶᠢᠨ | ᠭᠠᠮᠰᠢᠭ᠂ ᠠᠳᠡᠯ ᠤᠨ ᠭᠠᠢ ᠭᠠᠮᠰᠢᠭ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ᠂ ᠨᠡᠶᠢᠭᠡᠮ ᠤᠨ ᠠᠮᠤᠷ ᠲᠦᠪᠰᠢᠨ ᠤ ᠬᠡᠷᠡᠭ ᠵᠡᠷᠭᠡ ᠭᠡᠨᠡᠳᠲᠡ ᠶᠢᠨ | ᠬᠡᠷᠡᠭ ᠤᠨ ᠮᠡᠳᠡᠭᠡ ᠵᠠᠩᠭᠢ ᠶᠢ ᠨᠡᠶᠢᠲᠡᠯᠡᠬᠦ ᠦᠶ᠎ᠡ ᠳᠤ ᠨᠥᠬᠦᠴᠡᠯ ᠪᠦᠷᠢᠳᠦᠭᠰᠡᠨ ᠪᠠᠶᠢᠪᠠᠯ ᠠᠪᠢᠶ᠎ᠠ᠂ ᠲᠣᠮᠣ ᠥᠰᠥᠭ᠂ ᠰᠣᠬᠤᠷᠴᠤᠳ ᠤᠨ ᠥᠰᠥᠭ᠂ ᠳᠣᠬᠢᠶᠠᠨ ᠤ | ᠬᠡᠯᠡ ᠵᠡᠷᠭᠡ ᠰᠠᠭᠠᠳ ᠦᠭᠡᠢ ᠮᠡᠳᠡᠭᠡ ᠵᠠᠩᠭᠢ ᠶᠢᠨ ᠰᠣᠯᠢᠯᠴᠠᠬᠤ ᠠᠷᠭ᠎ᠠ ᠶᠢ ᠵᠡᠷᠭᠡ ᠪᠠᠷ ᠬᠡᠷᠡᠭᠯᠡᠨ᠎ᠡ᠃ | ᠭᠤᠴᠢᠳᠤᠭᠠᠷ ᠵᠦᠢᠯ᠄ ᠡᠳ᠋ ᠤᠨ ᠵᠠᠰᠠᠭ ᠤᠨ ᠪᠡᠯᠡ ᠮᠥᠩᠭᠦ ᠶᠢ ᠠᠰᠢᠭᠯᠠᠨ ᠪᠠᠶᠢᠭᠤᠯᠤᠭᠰᠠᠨ ᠲᠧᠯᠸᠢᠰ ᠬᠤᠷᠢᠶ᠎ᠠ ᠲᠧᠯᠸᠢᠰ ᠤᠨ ᠫᠷᠣᠭ᠍ᠷᠠᠮ ᠢ | ᠨᠡᠪᠲᠡᠷᠡᠭᠦᠯᠬᠦ ᠳᠤ ᠪᠠᠨ ᠢᠵᠢᠯᠢ ᠠᠯᠬᠤᠮᠲᠤ ᠦᠰᠦᠭ ᠤᠨ ᠬᠥᠰᠢᠭᠡ ᠲᠣᠬᠢᠷᠠᠭᠤᠯᠵᠤ᠂ ᠨᠥᠬᠦᠴᠡᠯ ᠪᠦᠷᠢᠳᠦᠭᠰᠡᠨ ᠪᠠᠶᠢᠪᠠᠯ ᠲᠤᠬᠢᠶᠠᠨ ᠤ ᠬᠡᠯᠡ ᠪᠠᠷ ᠨᠡᠪᠲᠡᠷᠡᠭᠦᠯᠬᠦ | ᠰᠣᠨᠢᠨ ᠮᠡᠳᠡᠭᠡᠨ ᠤ ᠫᠷᠣᠭ᠍ᠷᠠᠮ ᠢ ᠡᠳᠦᠷ ᠪᠦᠷᠢ ᠠᠳᠠᠭ ᠲᠤ ᠪᠠᠨ ᠨᠢᠭᠡ ᠤᠳᠠᠭ᠎ᠠ ᠨᠡᠪᠲᠡᠷᠡᠭᠦᠯᠬᠦ ᠶᠢᠨ ᠬᠠᠮᠲᠤ ᠲᠤᠬᠢᠶᠠᠨ ᠤ ᠬᠡᠯᠡ ᠪᠠᠷ ᠨᠡᠪᠲᠡᠷᠡᠭᠦᠯᠬᠦ ᠫᠷᠣᠭ᠍ᠷᠠᠮ ᠤᠨ | ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠬᠦ ᠬᠡᠷᠡᠭᠲᠡᠢ᠃ | ᠢᠯᠡ ᠪᠠᠷ ᠬᠡᠪᠯᠡᠨ ᠲᠠᠷᠬᠠᠭᠠᠬᠤ ᠺᠢᠨᠣ᠋ ᠲᠧᠯᠸᠢᠰ ᠤᠨ ᠲᠦᠷᠦᠯ ᠤᠨ ᠳᠦᠷᠰᠦ ᠰᠢᠩᠭᠡᠭᠡᠯᠲᠡ ᠶᠢᠨ ᠪᠦᠲᠦᠭᠡᠭᠳᠡᠬᠦᠨ᠂ ᠰᠦᠯᠵᠢᠶᠡᠨ ᠤ ᠸᠢᠳᠢᠤ᠋ | ᠫᠷᠣᠭ᠍ᠷᠠᠮ ᠳᠤ ᠦᠰᠦᠭ ᠤᠨ ᠬᠥᠰᠢᠭᠡ᠂ ᠲᠤᠬᠢᠶᠠᠨ ᠤ ᠬᠡᠯᠡ ᠪᠤᠶᠤ ᠶᠠᠷᠢᠶᠠᠨ ᠤ ᠠᠪᠢᠶᠠᠨ ᠤ ᠵᠢᠮ ᠢ ᠨᠡᠮᠡᠬᠦ ᠶᠢ ᠤᠯᠤᠰ ᠠᠴᠠ ᠵᠣᠷᠢᠭᠵᠢᠭᠤᠯᠤᠨ᠎ᠠ᠃ | ᠭᠤᠴᠢᠨ ᠨᠢᠭᠡᠳᠦᠭᠡᠷ ᠵᠦᠢᠯ᠄ ᠢᠯᠡ ᠪᠠᠷ ᠬᠡᠪᠯᠡᠨ ᠲᠠᠷᠬᠠᠭᠠᠬᠤ ᠨᠣᠮ ᠪᠢᠴᠢᠭ᠂ ᠰᠣᠨᠢᠨ ᠰᠡᠳᠬᠦᠯ ᠳᠤ ᠳᠠᠭᠤᠲᠤ᠂ ᠲᠣᠮᠣ ᠦᠰᠦᠭ᠂ | ᠰᠣᠬᠤᠷᠴᠤᠳ ᠤᠨ ᠦᠰᠦᠭ᠂ ᠡᠯᠧᠺᠳ᠋ᠷᠣᠨ ᠵᠡᠷᠭᠡ ᠰᠠᠭᠠᠳ ᠦᠭᠡᠢ ᠬᠡᠪᠯᠡᠯ ᠲᠣᠬᠢᠷᠠᠭᠤᠯᠬᠤ ᠶᠢ ᠵᠣᠷᠢᠭᠵᠢᠭᠤᠯᠵᠤ᠂ ᠵᠡᠮᠳᠡᠭᠴᠦᠳ᠂ ᠨᠠᠰᠤᠲᠠᠶᠢᠴᠤᠳ ᠤᠨ ᠨᠣᠮ | ᠤᠩᠰᠢᠬᠤ ᠳᠤ ᠤᠯᠤᠰ ᠠᠴᠠ ᠲᠦᠬᠦᠮ ᠦᠵᠡᠭᠦᠯᠦᠨ᠎ᠡ᠃ | ᠵᠢᠭᠠᠬᠤ ᠮᠠᠲ᠋ᠧᠷᠢᠶᠠᠯ ᠨᠠᠶᠢᠷᠠᠭᠤᠯᠬᠤ᠂ ᠬᠡᠪᠯᠡᠭᠦᠯᠬᠦ ᠨᠢᠭᠡᠴᠢ ᠶᠢᠨ ᠠᠳᠠᠯᠢ ᠪᠤᠰᠤ ᠰᠤᠷᠭᠠᠨ ᠬᠥᠮᠦᠵᠢᠯ ᠤᠨ ᠱᠠᠲᠤᠨ ᠤ ᠪᠣᠳᠠᠲᠤ ᠪᠠᠶᠢᠳᠠᠯ ᠢᠶᠠᠨ | ᠦᠨᠳᠦᠰᠦᠯᠡᠨ᠂ ᠰᠣᠬᠤᠷᠴᠤᠳ ᠤᠨ ᠦᠰᠦᠭ ᠤᠨ ᠬᠡᠪᠯᠡᠯ᠂ ᠬᠠᠷᠠᠭ᠎ᠠ ᠮᠠᠭᠤᠳᠠᠶᠢᠴᠤᠳ ᠤᠨ ᠬᠡᠪᠯᠡᠯ ᠤᠨ ᠵᠢᠭᠠᠨ ᠰᠤᠷᠭᠠᠯᠲᠠ ᠳᠤ ᠬᠡᠷᠡᠭᠯᠡᠬᠦ ᠨᠣᠮ ᠢ ᠨᠠᠶᠢᠷᠠᠭᠤᠯᠬᠤ | ᠪᠠ ᠬᠡᠪᠯᠡᠭᠦᠯᠵᠦ᠂ ᠰᠣᠬᠤᠷᠴᠤᠳ ᠪᠠ ᠬᠠᠷᠠᠭᠠᠨ ᠤ ᠰᠠᠭᠠᠳ ᠲᠠᠢ ᠪᠤᠰᠤᠳ ᠰᠤᠷᠤᠭᠴᠢᠳ ᠤᠨ ᠰᠤᠷᠤᠯᠴᠠᠬᠤ ᠬᠡᠷᠡᠭᠴᠡᠭᠡ ᠶᠢ ᠬᠠᠩᠭᠠᠬᠤ ᠶᠢ ᠤᠯᠤᠰ ᠠᠴᠠ | ᠵᠣᠷᠢᠭᠵᠢᠭᠤᠯᠤᠨ᠎ᠠ᠃ | ᠭᠤᠴᠢᠨ ᠬᠤᠶᠠᠳᠤᠭᠠᠷ ᠵᠦᠢᠯ᠄ ᠡᠳ᠋ ᠤᠨ ᠵᠠᠰᠠᠭ ᠤᠨ ᠪᠡᠯᠡ ᠮᠥᠩᠭᠦ ᠶᠢ ᠠᠰᠢᠭᠯᠠᠨ ᠪᠠᠶᠢᠭᠤᠯᠤᠭᠰᠠᠨ ᠢᠨᠲ᠋ᠧᠷ ᠰᠦᠯᠵᠢᠶ᠎ᠡ ᠶᠢᠨ ᠲᠠᠪᠴᠠᠩ᠂ | ᠦᠢᠯᠡᠴᠢᠯᠡᠭᠡᠨ ᠤ ᠲᠠᠪᠴᠠᠩ᠂ ᠰᠢᠯᠵᠢᠮᠡᠯ ᠢᠨᠲ᠋ᠧᠷ ᠰᠦᠯᠵᠢᠶᠡᠨ ᠤ ᠬᠡᠷᠡᠭᠯᠡᠭᠡᠨ ᠤ ᠫᠷᠣᠭ᠍ᠷᠠᠮ ᠨᠢ ᠰᠠᠭᠠᠳ ᠦᠭᠡᠢ ᠰᠦᠯᠵᠢᠶᠡᠨ ᠤ ᠦᠷᠳᠡᠭᠡ ᠶᠢ ᠵᠢᠷᠤᠵᠤ ᠲᠥᠯᠥᠪᠯᠡᠬᠦ | ᠪᠠᠷᠢᠮᠵᠢᠶ᠎ᠠ ᠪᠠ ᠤᠯᠤᠰ ᠤᠨ ᠮᠡᠳᠡᠭᠡ ᠵᠠᠩᠭᠢ ᠶᠢᠨ ᠰᠠᠭᠠᠳ ᠦᠭᠡᠢ ᠪᠠᠶᠢᠬᠤ ᠪᠠᠷᠢᠮᠵᠢᠶ᠎ᠠ ᠳᠤ ᠠᠯᠬᠤᠮ ᠠᠯᠬᠤᠮ ᠢᠶᠠᠷ ᠨᠡᠶᠢᠴᠡᠬᠦ ᠬᠡᠷᠡᠭᠲᠡᠢ᠃ | ᠰᠣᠨᠢᠨ ᠮᠡᠳᠡᠭᠡᠨ ᠤ ᠮᠡᠳᠡᠭᠡ ᠵᠠᠩᠭᠢ᠂ ᠨᠡᠶᠢᠭᠡᠮ ᠤᠨ ᠬᠠᠷᠢᠯᠴᠠᠭᠠᠨ ᠤ ᠮᠡᠳᠡᠭᠡ ᠬᠤᠯᠪᠣᠭ᠎ᠠ᠂ ᠠᠮᠢᠳᠤᠷᠠᠯ ᠤᠨ ᠪᠠᠷᠠᠭ᠎ᠠ ᠬᠤᠳᠠᠯᠳᠤᠨ ᠠᠪᠬᠤ᠂ ᠡᠮ | ᠡᠮᠨᠡᠯᠭᠡ ᠡᠷᠡᠭᠦᠯ ᠮᠡᠨᠳᠤ᠂ ᠮᠥᠩᠭᠦᠨ ᠭᠦᠢᠯᠭᠡᠭᠡᠨ ᠤ ᠦᠢᠯᠡᠴᠢᠯᠡᠭᠡ᠂ ᠰᠤᠷᠤᠯᠴᠠᠯᠭ᠎ᠠ ᠬᠥᠮᠦᠵᠢᠯ᠂ ᠵᠠᠮ ᠬᠠᠷᠢᠯᠴᠠᠭ᠎ᠠ᠂ ᠶᠠᠪᠤᠵᠤ ᠰᠠᠭᠤᠬᠤ ᠵᠡᠷᠭᠡ ᠬᠦᠷᠢᠶ᠎ᠡ | ᠴᠠᠷᠠᠭ᠎ᠠ ᠳᠤ ᠬᠢ ᠢᠨᠲ᠋ᠧᠷ ᠰᠦᠯᠵᠢᠶᠡᠨ ᠤ ᠲᠠᠪᠴᠠᠩ᠂ ᠰᠢᠯᠵᠢᠮᠡᠯ ᠢᠨᠲ᠋ᠧᠷ ᠰᠦᠯᠵᠢᠶᠡᠨ ᠤ ᠬᠡᠷᠡᠭᠯᠡᠭᠡᠨ ᠤ ᠫᠷᠣᠭ᠍ᠷᠠᠮ ᠢ ᠤᠯᠤᠰ ᠠᠴᠠ ᠵᠣᠷᠢᠭᠵᠢᠭᠤᠯᠵᠤ᠂ ᠰᠠᠭᠠᠳ | ᠦᠭᠡᠢ ᠰᠦᠯᠵᠢᠶᠡᠨ ᠤ ᠦᠷᠳᠡᠭᠡ ᠶᠢ ᠵᠢᠷᠤᠵᠤ ᠲᠥᠯᠥᠪᠯᠡᠬᠦ ᠪᠠᠷᠢᠮᠵᠢᠶ᠎ᠠ ᠪᠠ ᠤᠯᠤᠰ ᠤᠨ ᠮᠡᠳᠡᠭᠡ ᠵᠠᠩᠭᠢ ᠶᠢᠨ ᠰᠠᠭᠠᠳ ᠦᠭᠡᠢ ᠪᠠᠶᠢᠬᠤ ᠪᠠᠷᠢᠮᠵᠢᠶ᠎ᠠ ᠳᠤ ᠠᠯᠬᠤᠮ | ᠠᠯᠬᠤᠮ ᠢᠶᠠᠷ ᠨᠡᠶᠢᠴᠡᠭᠦᠯᠦᠨ᠎ᠡ᠃ | ᠵᠠᠮᠴᠢ ᠭᠠᠵᠠᠷ ᠤᠨ ᠵᠢᠷᠤᠭ ᠤᠨ ᠣᠷᠣᠨ ᠪᠠᠶᠢᠷᠢ ᠲᠣᠭᠲᠠᠭᠠᠬᠤ ᠦᠢᠯᠡᠳᠬᠦᠨ ᠤ ᠰᠠᠭᠠᠳ ᠦᠭᠡᠢ ᠲᠥᠬᠦᠭᠡᠷᠦᠮᠵᠢ ᠶᠢᠨ ᠢᠯᠡᠳᠬᠡᠮᠵᠢ ᠲᠡᠮᠳᠡᠭ ᠪᠠ | ᠰᠠᠭᠠᠳ ᠦᠭᠡᠢ ᠠᠶᠠᠯᠠᠯ ᠤᠨ ᠵᠠᠮᠴᠢᠯᠠᠭ᠎ᠠ ᠶᠢᠨ ᠴᠢᠳᠠᠮᠵᠢ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠬᠦ ᠶᠢ ᠤᠯᠤᠰ ᠠᠴᠠ ᠵᠣᠷᠢᠭᠵᠢᠭᠤᠯᠤᠨ᠎ᠠ᠃ | ᠭᠤᠴᠢᠨ ᠭᠤᠷᠪᠠᠳᠤᠭᠠᠷ ᠵᠦᠢᠯ᠄ ᠲᠠᠭᠤ ᠳᠦᠷᠰᠦ ᠰᠢᠩᠭᠡᠭᠡᠯᠲᠡ ᠪᠠ ᠤᠯᠠᠨ ᠵᠠᠭᠤᠴᠢᠲᠤ ᠲᠥᠬᠦᠭᠡᠷᠦᠮᠵᠢ᠂ ᠰᠢᠯᠵᠢᠮᠡᠯ ᠣᠶᠤᠨᠲᠤ ᠴᠢᠮᠡᠭᠡ | ᠬᠤᠯᠪᠤᠭᠠᠨ ᠤ ᠲᠥᠬᠦᠭᠡᠷᠦᠮᠵᠢ᠂ ᠴᠠᠬᠢᠯᠭᠠᠨ ᠬᠤᠯᠪᠣᠭᠠᠨ ᠤ ᠲᠥᠬᠦᠭᠡᠷᠦᠮᠵᠢ ᠶᠢ ᠦᠢᠯᠡᠳᠦᠭᠴᠢ ᠶᠢᠨ ᠬᠠᠩᠭᠠᠭᠰᠠᠨ ᠦᠢᠯᠡᠳᠬᠦᠨ ᠨᠢ ᠠᠪᠢᠶ᠎ᠠ᠂ ᠲᠣᠮᠣ ᠦᠰᠦᠭ | ᠵᠡᠷᠭᠡ ᠰᠠᠭᠠᠳ ᠦᠭᠡᠢ ᠴᠢᠳᠠᠮᠵᠢ ᠶᠢ ᠠᠯᠬᠤᠮ ᠠᠯᠬᠤᠮ ᠢᠶᠠᠷ ᠪᠦᠷᠢᠯᠳᠤᠬᠦᠯᠬᠦ ᠬᠡᠷᠡᠭᠲᠡᠢ᠃ | ᠪᠠᠩᠬᠢ᠂ ᠡᠮᠨᠡᠯᠭᠡ ᠶᠢᠨ ᠬᠤᠷᠢᠶ᠎ᠠ᠂ ᠬᠤᠳᠠ ᠶᠢᠨ ᠵᠢᠮᠳᠤ ᠵᠠᠮ ᠬᠠᠷᠢᠯᠴᠠᠭᠠᠨ ᠤ ᠲᠡᠷᠭᠡᠨ ᠦᠷᠳᠡᠭᠡ᠂ ᠠᠷᠠᠳ ᠤᠨ ᠬᠡᠷᠡᠭᠯᠡᠭᠡᠨ ᠤ ᠲᠡᠭᠡᠭᠡᠪᠦᠷᠢ ᠶᠢᠨ | ᠨᠢᠰᠬᠡᠯ ᠤᠨ ᠪᠠᠭᠤᠳᠠᠯ ᠤᠨ ᠠᠶᠠᠯᠠᠯ ᠤᠨ ᠦᠷᠳᠡᠭᠡ ᠶᠢᠨ ᠲᠣᠭᠤᠷᠢᠭ᠂ ᠠᠶᠠᠨᠴᠢᠳ ᠤᠨ ᠲᠡᠭᠡᠭᠡᠪᠦᠷᠢ ᠶᠢᠨ ᠦᠷᠳᠡᠭᠡ᠂ ᠠᠶᠠᠨᠴᠢᠳ ᠤᠨ ᠲᠡᠭᠡᠭᠡᠪᠦᠷᠢ ᠶᠢᠨ ᠭᠠᠷᠠᠮ᠂ | ᠲᠣᠮᠣ ᠬᠡᠯᠪᠡᠷᠢ ᠶᠢᠨ ᠦᠵᠡᠮᠵᠢ ᠶᠢᠨ ᠣᠷᠣᠨ ᠵᠡᠷᠭᠡ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠥᠪᠡᠰᠦᠪᠡᠨ ᠦᠢᠯᠡᠴᠢᠯᠡᠬᠦ ᠡᠯᠧᠺᠳ᠋ᠷᠤᠨ ᠲᠥᠬᠦᠭᠡᠷᠦᠮᠵᠢ ᠨᠢ | ᠠᠪᠢᠶ᠎ᠠ᠂ ᠲᠣᠮᠣ ᠦᠰᠦᠭ᠂ ᠰᠣᠬᠤᠷᠴᠤᠳ ᠤᠨ ᠦᠰᠦᠭ ᠵᠡᠷᠭᠡ ᠰᠠᠭᠠᠳ ᠦᠭᠡᠢ ᠴᠢᠳᠠᠮᠵᠢ ᠶᠢ ᠪᠦᠷᠢᠯᠳᠤᠬᠦᠯᠬᠦ ᠬᠡᠷᠡᠭᠲᠡᠢ᠃ | ᠭᠤᠴᠢᠨ ᠳᠥᠷᠪᠡᠳᠦᠭᠡᠷ ᠵᠦᠢᠯ᠄ ᠴᠠᠬᠢᠯᠭᠠᠨ ᠬᠤᠯᠪᠣᠭᠠᠨ ᠤ ᠲᠤᠬᠠᠶᠢᠯᠠᠭᠰᠠᠨ ᠠᠵᠢᠯ ᠤᠨ ᠡᠵᠡᠩᠨᠡᠭᠴᠢ ᠰᠠᠭᠤᠷᠢ ᠴᠠᠬᠢᠯᠭᠠᠨ ᠬᠤᠯᠪᠣᠭᠠᠨ ᠤ | ᠦᠢᠯᠡᠴᠢᠯᠡᠭᠡ ᠬᠠᠩᠭᠠᠬᠤ ᠳᠠᠭᠠᠨ ᠵᠡᠮᠳᠡᠭᠴᠦᠳ᠂ ᠨᠠᠰᠤᠲᠠᠶᠢᠴᠤᠳ ᠲᠤ ᠴᠢᠬᠤᠯᠠ ᠪᠦᠬᠦᠢ ᠠᠪᠢᠶ᠎ᠠ᠂ ᠲᠣᠮᠣ ᠦᠰᠦᠭᠲᠦ ᠮᠡᠳᠡᠭᠡ ᠵᠠᠩᠭᠢ ᠶᠢᠨ ᠦᠢᠯᠡᠴᠢᠯᠡᠭᠡ ᠪᠤᠶᠤ | ᠬᠥᠮᠥᠨ ᠤ ᠬᠦᠴᠦᠨ ᠤ ᠦᠢᠯᠡᠴᠢᠯᠡᠭᠡ ᠬᠠᠩᠭᠠᠬᠤ ᠬᠡᠷᠡᠭᠲᠡᠢ᠃ | ᠭᠤᠴᠢᠨ ᠲᠠᠪᠤᠳᠤᠭᠠᠷ ᠵᠦᠢᠯ᠄ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠪᠠᠶᠢᠡᠭᠭᠤ ᠶᠢᠨ ᠤᠲᠠᠰᠤ ᠪᠠ | ᠲᠦᠭᠰᠢᠭᠦᠷᠢ ᠮᠡᠳᠡᠭᠦᠯᠵᠦ ᠲᠤᠰᠠᠯᠠᠮᠵᠢ ᠭᠤᠶᠤᠴᠢᠯᠠᠬᠤ᠂ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠭᠠᠬᠤ᠂ ᠵᠠᠮ ᠬᠠᠷᠢᠯᠴᠠᠭᠠᠨ ᠤ ᠠᠳᠡᠯ᠂ ᠡᠮᠴᠢᠯᠡᠭᠡᠨ ᠤ | ᠲᠦᠷᠭᠡᠨ ᠠᠪᠤᠷᠠᠯᠲᠠ ᠵᠡᠷᠭᠡ ᠪᠠᠴᠢᠮ ᠳᠠᠭᠤᠳᠠᠯᠲᠠ ᠶᠢᠨ ᠰᠢᠰᠲ᠋ᠧᠮ ᠨᠢ ᠠᠪᠢᠶ᠎ᠠ᠂ ᠲᠣᠮᠣ ᠥᠰᠥᠭ᠂ ᠰᠣᠬᠤᠷᠴᠤᠳ ᠤᠨ ᠥᠰᠥᠭ᠂ ᠨᠢᠭᠡ ᠳᠠᠷᠤᠪᠴᠢ ᠪᠠᠷ | ᠳᠠᠭᠤᠳᠠᠬᠤ ᠵᠡᠷᠭᠡ ᠰᠠᠭᠠᠳ ᠦᠭᠡᠢ ᠴᠢᠳᠠᠮᠵᠢ ᠶᠢ ᠠᠯᠬᠤᠮ ᠠᠯᠬᠤᠮ ᠢᠶᠠᠷ ᠪᠦᠷᠢᠯᠳᠦᠭᠦᠯᠬᠦ ᠬᠡᠷᠡᠭᠲᠡᠢ᠃ | ᠭᠤᠴᠢᠨ ᠵᠢᠷᠭᠤᠳᠤᠭᠠᠷ ᠵᠦᠢᠯ᠄ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠬᠠᠩᠭᠠᠬᠤ ᠨᠣᠮ ᠤᠨ ᠰᠠᠩ᠂ ᠮᠦᠽᠧᠢ᠂ ᠰᠣᠶᠣᠯ ᠤᠨ ᠣᠷᠳᠣᠨ | ᠂ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠵᠡᠷᠭᠡ ᠨᠢ ᠵᠡᠮᠳᠡᠭᠴᠦᠳ᠂ ᠨᠠᠰᠤᠲᠠᠶᠢᠴᠤᠳ ᠤᠨ ᠣᠨᠴᠠᠯᠢᠭ ᠢ ᠪᠣᠳᠣᠯᠬᠢᠯᠠᠵᠤ᠂ ᠢᠳᠡᠪᠬᠢᠲᠡᠢ ᠪᠠᠷ ᠨᠥᠬᠦᠴᠡᠯ | ᠪᠦᠷᠢᠯᠳᠦᠭᠦᠯᠵᠦ ᠪᠠᠶᠢᠭᠠᠳ ᠬᠡᠷᠡᠭᠴᠡᠭᠡ ᠳᠤ ᠨᠢ ᠲᠣᠬᠢᠷᠠᠭᠰᠠᠨ ᠲᠤᠯᠭᠤᠷ ᠪᠢᠴᠢᠭ ᠤᠨ ᠮᠡᠳᠡᠭᠡ ᠵᠠᠩᠭᠢ᠂ ᠰᠠᠭᠠᠳ ᠦᠭᠡᠢ ᠲᠥᠬᠦᠭᠡᠷᠦᠮᠵᠢ ᠪᠠ ᠦᠢᠯᠡᠴᠢᠯᠡᠭᠡ | ᠬᠠᠩᠭᠠᠬᠤ ᠬᠡᠷᠡᠭᠲᠡᠢ᠃ | ᠭᠤᠴᠢᠨ ᠳᠣᠯᠣᠳᠤᠭᠠᠷ ᠵᠦᠢᠯ᠄ ᠲᠦᠷᠤ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠡᠮ ᠤᠨ ᠵᠦᠢᠯ ᠤᠨ | ᠱᠣᠰᠢᠭ᠎ᠠ᠂ ᠲᠣᠳᠣᠷᠬᠠᠶᠢᠯᠠᠯᠲᠠ ᠶᠢᠨ ᠪᠢᠴᠢᠭ ᠤᠨ ᠬᠠᠮᠢᠶᠠᠷᠤᠯᠲᠠ ᠶᠢᠨ ᠵᠢᠷᠤᠮᠵᠢᠯ ᠢ ᠲᠡᠭᠦᠯᠳᠡᠷᠵᠢᠭᠦᠯᠵᠦ᠂ ᠡᠮ ᠤᠨ ᠵᠦᠢᠯ ᠢ ᠦᠢᠯᠡᠳᠪᠦᠷᠢᠯᠡᠨ ᠡᠵᠡᠩᠨᠡᠭᠴᠢ ᠪᠠᠷ | ᠠᠪᠢᠶ᠎ᠠ᠂ ᠲᠣᠮᠣ ᠤᠶᠢᠰᠦᠭ᠂ ᠰᠣᠬᠤᠷᠴᠤᠳ ᠤᠨ ᠪᠢᠴᠢᠭ᠂ ᠡᠯᠧᠺᠳ᠋ᠷᠣᠨ ᠵᠡᠷᠭᠡ ᠰᠠᠭᠠᠳ ᠦᠬᠡᠢ ᠬᠡᠪᠯᠡᠯ ᠤᠨ ᠱᠣᠰᠢᠭ᠎ᠠ᠂ ᠲᠣᠳᠣᠷᠬᠠᠶᠢᠯᠠᠯᠲᠠ ᠶᠢᠨ ᠪᠢᠴᠢᠭ | ᠬᠠᠩᠭᠠᠯᠭᠠᠬᠤ ᠪᠠᠷ ᠱᠠᠭᠠᠷᠳᠠᠬᠤ ᠬᠡᠷᠡᠭᠲᠡᠢ᠃ | ᠤᠯᠤᠰ ᠠᠴᠠ ᠪᠤᠰᠤᠳ ᠲᠠᠸᠠᠷ ᠤᠨ ᠦᠢᠯᠡᠳᠪᠦᠷᠢᠯᠡᠨ ᠡᠵᠡᠩᠨᠡᠭᠴᠢ ᠶᠢᠨ ᠠᠪᠢᠶ᠎ᠠ᠂ ᠲᠣᠮᠣ ᠦᠰᠦᠭ᠂ ᠰᠣᠬᠤᠷᠴᠤᠳ ᠤᠨ ᠦᠰᠦᠭ᠂ ᠡᠯᠧᠺᠳ᠋ᠷᠣᠨ | ᠵᠡᠷᠭᠡ ᠰᠠᠭᠠᠳ ᠦᠭᠡᠢ ᠵᠠᠭᠪᠤᠷ ᠤᠨ ᠬᠡᠪᠯᠡᠯ ᠤᠨ ᠱᠣᠰᠢᠭ᠎ᠠ᠂ ᠲᠣᠳᠣᠷᠬᠠᠶᠢᠯᠠᠯᠲᠠ ᠶᠢᠨ ᠪᠢᠴᠢᠭ ᠬᠠᠩᠭᠠᠬᠤ ᠶᠢ ᠵᠣᠷᠢᠭᠵᠢᠭᠤᠯᠵᠤ᠂ ᠵᠡᠮᠳᠡᠭᠴᠦᠳ᠂ | ᠨᠠᠰᠤᠲᠠᠶᠢᠴᠤᠳ ᠤᠨ ᠢᠯᠭᠠᠨ ᠲᠠᠨᠢᠬᠤ ᠪᠠ ᠬᠡᠷᠡᠭᠯᠡᠬᠦ ᠳᠤ ᠲᠦᠭᠦᠮ ᠦᠵᠡᠭᠦᠯᠦᠨ᠎ᠡ᠃ | ᠭᠤᠴᠢᠨ ᠨᠠᠢᠮᠠᠳᠤᠭᠠᠷ ᠵᠦᠢᠯ᠄ ᠤᠯᠤᠰ ᠤᠨ ᠨᠡᠶᠢᠳᠡᠮ ᠬᠡᠷᠡᠭᠯᠡᠬᠦ ᠲᠤᠬᠢᠶᠠᠨ ᠤ ᠬᠡᠯᠡ᠂ ᠤᠯᠤᠰ ᠤᠨ ᠨᠡᠶᠢᠳᠡᠮ ᠬᠡᠷᠡᠭᠯᠡᠬᠦ ᠰᠣᠬᠤᠷᠴᠤᠳ ᠤᠨ | ᠪᠢᠴᠢᠭ ᠢ ᠤᠯᠤᠰ ᠠᠴᠠ ᠳᠡᠯᠭᠡᠷᠡᠭᠦᠯᠦᠨ ᠬᠡᠷᠡᠭᠯᠡᠨ᠎ᠡ᠃ | ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠳᠤ ᠲᠤᠬᠢᠶᠠᠨ ᠤ ᠬᠡᠯᠡ᠂ ᠰᠣᠬᠤᠷᠴᠤᠳ ᠤᠨ ᠪᠢᠴᠢᠭ ᠢ ᠬᠡᠷᠡᠭᠯᠡᠬᠦ ᠪᠠ ᠰᠤᠷᠭᠠᠭᠤᠯᠢ ᠨᠤᠭᠤᠳ | ᠲᠤᠬᠢᠶᠠᠨ ᠤ ᠬᠡᠯᠡ᠂ ᠰᠣᠬᠤᠷᠴᠤᠳ ᠤᠨ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠥᠷᠨᠢᠭᠦᠯᠬᠦ ᠳᠤ ᠪᠠᠨ ᠤᠯᠤᠰ ᠤᠨ ᠨᠡᠶᠢᠳᠡᠮ ᠬᠡᠷᠡᠭᠯᠡᠬᠦ | ᠲᠤᠬᠢᠶᠠᠨ ᠤ ᠬᠡᠯᠡ᠂ ᠤᠯᠤᠰ ᠤᠨ ᠨᠡᠶᠢᠳᠡᠮ ᠬᠡᠷᠡᠭᠯᠡᠬᠦ ᠰᠣᠬᠤᠷᠴᠤᠳ ᠤᠨ ᠪᠢᠴᠢᠭ ᠢ ᠬᠡᠷᠡᠭᠯᠡᠬᠦ ᠬᠡᠷᠡᠭᠲᠡᠢ᠃ | |