| | | | ᠵᠢᠷᠭᠤᠳᠤᠭᠠᠷ ᠪᠦᠯᠦᠭ ᠬᠢᠨᠠᠵᠤ ᠬᠠᠮᠢᠶᠠᠷᠬᠤ | ᠲᠠᠪᠢᠨ ᠨᠠᠢᠮᠠᠳᠤᠭᠠᠷ ᠵᠦᠢᠯ᠄ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠪᠤᠯᠤᠨ ᠬᠤᠯᠪᠣᠭᠳᠠᠯ ᠪᠦᠬᠦᠢ ᠡᠷᠬᠢᠯᠡᠨ | ᠬᠠᠮᠢᠶᠠᠷᠬᠤ ᠰᠠᠯᠠᠭ᠎ᠠ ᠮᠥᠴᠢᠷ ᠤᠨ ᠬᠢᠨ ᠰᠠᠭᠠᠳ ᠦᠭᠡᠢ ᠣᠷᠴᠢᠨ ᠲᠤᠭᠤᠷᠢᠨ ᠤ ᠪᠦᠲᠦᠭᠡᠨ ᠪᠠᠶᠢᠭᠤᠯᠤᠯᠲᠠ ᠳᠤ ᠬᠠᠤᠯᠢ ᠶᠣᠰᠣᠭᠠᠷ ᠬᠢᠨᠠᠯᠲᠠ ᠲᠠᠯᠪᠢᠨ | ᠪᠠᠶᠢᠴᠠᠭᠠᠵᠤ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ ᠬᠠᠮᠲᠤᠷᠠᠨ ᠬᠢᠨᠠᠯᠲᠠ ᠲᠠᠯᠪᠢᠵᠤ ᠪᠠᠶᠢᠴᠠᠭᠠᠨ᠎ᠠ᠃ | ᠲᠠᠪᠢ ᠶᠢᠰᠦᠳᠦᠭᠡᠷ ᠵᠦᠢᠯ᠄ ᠤᠯᠤᠰ ᠠᠴᠠ ᠰᠠᠭᠠᠳ ᠦᠭᠡᠢ ᠣᠷᠴᠢᠨ ᠲᠤᠭᠤᠷᠢᠨ ᠤ ᠪᠦᠲᠦᠭᠡᠨ ᠪᠠᠶᠢᠭᠤᠯᠤᠯᠲᠠ ᠶᠢᠨ ᠬᠠᠷᠠᠯᠲᠠᠲᠤ | ᠬᠠᠷᠢᠭᠤᠴᠠᠯᠭ᠎ᠠ ᠶᠢᠨ ᠳᠦᠷᠢᠮ ᠪᠠ ᠬᠢᠨᠠᠨ ᠰᠢᠯᠭᠠᠵᠤ ᠦᠨᠡᠯᠡᠬᠦ ᠳᠦᠷᠢᠮ ᠢ ᠬᠡᠷᠡᠭᠵᠢᠭᠦᠯᠦᠨ᠎ᠡ᠃ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ | ᠠᠷᠠᠳ ᠤᠨ ᠵᠠᠰᠠᠭ ᠤᠨ ᠣᠷᠳᠣᠨ ᠲᠤᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠢ ᠦᠨᠳᠦᠰᠦᠯᠡᠨ᠂ ᠬᠢᠨᠠᠨ ᠰᠢᠯᠭᠠᠬᠤ ᠪᠣᠳᠠᠲᠠᠢ ᠠᠷᠭ᠎ᠠ ᠶᠢ ᠲᠤᠬᠳᠠᠭᠠᠨ᠎ᠠ᠃ | ᠵᠢᠷᠠᠳᠤᠭᠠᠷ ᠵᠦᠢᠯ᠄ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠡᠷᠬᠢᠯᠡᠨ | ᠬᠠᠮᠢᠶᠠᠷᠬᠤ ᠰᠠᠯᠠᠭ᠎ᠠ ᠮᠥᠴᠢᠷ ᠤᠨ ᠬᠢᠨ ᠬᠦᠨᠳᠡᠯᠡᠨ ᠤ ᠪᠠᠶᠢᠭᠤᠯᠤᠮᠵᠢ ᠳᠤ ᠨᠠᠶᠢᠳᠠᠵᠤ ᠰᠠᠭᠠᠳ ᠦᠭᠡᠢ ᠣᠷᠴᠢᠨ ᠲᠤᠭᠤᠷᠢᠨ ᠤ ᠪᠦᠲᠦᠭᠡᠨ ᠪᠠᠶᠢᠭᠤᠯᠤᠯᠲᠠ ᠶᠢ | ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠬᠦᠯᠬᠦ ᠶᠢᠨ ᠬᠠᠮᠲᠤ ᠦᠨᠡᠯᠡᠭᠰᠡᠨ ᠳ᠋ᠦᠩ ᠢᠶᠠᠨ ᠢᠯᠡᠵᠢᠬᠦᠯᠵᠤ᠂ ᠨᠡᠶᠢᠭᠡᠮ ᠨᠡᠶᠢᠳᠡ ᠶᠢᠨ ᠬᠢᠨ ᠤ ᠬᠢᠨᠠᠯᠲᠠ ᠶᠢ ᠬᠦᠯᠢᠶᠡᠨ᠎ᠡ᠃ | ᠵᠢᠷᠠᠨ ᠨᠢᠭᠡᠳᠦᠭᠡᠷ ᠵᠦᠢᠯ᠄ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠰᠠᠭᠠᠳ ᠦᠭᠡᠢ ᠣᠷᠴᠢᠨ ᠲᠤᠭᠤᠷᠢᠨ ᠤ | ᠪᠦᠲᠦᠭᠡᠨ ᠪᠠᠶᠢᠭᠤᠯᠤᠯᠲᠠ ᠶᠢᠨ ᠮᠡᠳᠡᠭᠡ ᠵᠠᠩᠭᠢ ᠶᠢ ᠵᠠᠷᠯᠠᠬᠤ ᠳᠦᠷᠢᠮ ᠢ ᠪᠠᠶᠢᠭᠤᠯᠵᠤ᠂ ᠰᠠᠭᠠᠳ ᠦᠭᠡᠢ ᠣᠷᠴᠢᠨ ᠲᠤᠭᠤᠷᠢᠨ ᠤ ᠪᠦᠲᠦᠭᠡᠨ ᠪᠠᠶᠢᠭᠤᠯᠤᠯᠲᠠ ᠶᠢᠨ | ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠨ᠎ᠡ᠃ | ᠵᠢᠷᠠᠨ ᠬᠤᠶᠠᠳᠤᠭᠠᠷ ᠵᠦᠢᠯ᠄ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠡᠷᠬᠢᠯᠡᠨ | ᠬᠠᠮᠢᠶᠠᠷᠬᠤ ᠰᠠᠯᠠᠭ᠎ᠠ ᠮᠥᠴᠢᠷ ᠲᠤ ᠰᠠᠭᠠᠳ ᠦᠭᠡᠢ ᠣᠷᠴᠢᠨ ᠲᠤᠭᠤᠷᠢᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ ᠰᠠᠨᠠᠯ ᠪᠠ ᠰᠠᠨᠠᠭᠤᠯᠭ᠎ᠠ | ᠳᠤᠷᠠᠳᠴᠤ᠂ ᠲᠤᠰ ᠬᠠᠤᠯᠢ ᠶᠢᠨ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠶᠢ ᠵᠠᠭᠠᠯᠳᠤᠬᠤ᠂ ᠮᠡᠳᠡᠬᠦᠯᠬᠦ ᠡᠷᠬᠡ ᠲᠠᠢ᠃ ᠰᠢᠶᠠᠨ ᠤ ᠱᠠᠲᠤᠨ ᠠᠴᠠ | ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠰᠠᠭᠠᠳ ᠦᠭᠡᠢ ᠣᠷᠴᠢᠨ ᠲᠤᠭᠤᠷᠢᠨ ᠤ | ᠪᠦᠲᠦᠭᠡᠨ ᠪᠠᠶᠢᠭᠤᠯᠤᠯᠲᠠ ᠳᠤ ᠬᠤᠯᠪᠣᠭᠳᠠᠭᠰᠠᠨ ᠵᠠᠭᠠᠯᠳᠤᠯᠭ᠎ᠠ ᠪᠠ ᠮᠡᠳᠡᠭᠦᠯᠦᠯᠲᠡ ᠶᠢ ᠣᠯᠣᠭᠰᠠᠨ ᠲᠠᠷᠤᠢ ᠰᠢᠢᠳᠪᠦᠷᠢᠯᠡᠬᠦ ᠶᠢᠨ ᠬᠠᠮᠲᠤ ᠬᠠᠷᠢᠭᠤᠯᠲᠠ ᠥᠭᠬᠦ | ᠬᠡᠷᠡᠭᠲᠡᠢ᠃ | ᠵᠡᠮᠳᠡᠭᠴᠦᠳ ᠤᠨ ᠬᠤᠯᠪᠤᠭ᠎ᠠ᠂ ᠨᠠᠰᠤᠲᠠᠶᠢᠴᠤᠳ ᠤᠨ ᠨᠡᠶᠢᠭᠡᠮᠯᠢᠭ ᠵᠡᠷᠭᠡ ᠵᠣᠬᠢᠶᠠᠨ ᠪᠠᠶᠢᠭᠤᠯᠤᠯᠲᠠ ᠶᠢᠨ ᠬᠢᠨ ᠬᠡᠷᠡᠭᠴᠡᠭᠡ ᠪᠠᠨ ᠦᠨᠳᠦᠰᠦᠯᠡᠨ᠂ | ᠵᠡᠮᠳᠡᠭᠴᠦᠳ᠂ ᠨᠠᠰᠤᠲᠠᠶᠢᠴᠤᠳ ᠤᠨ ᠲᠥᠯᠥᠭᠡᠯᠡᠭᠴᠢ ᠪᠠ ᠬᠤᠯᠪᠣᠭᠳᠠᠯ ᠪᠦᠬᠦᠢ ᠲᠤᠰᠬᠠᠢ ᠮᠡᠷᠭᠡᠵᠢᠯ ᠤᠨ ᠮᠡᠳᠡᠯᠭᠡ ᠲᠠᠢ ᠬᠥᠮᠥᠰ ᠢ ᠤᠷᠢᠵᠤ᠂ ᠰᠠᠭᠠᠳ ᠦᠭᠡᠢ | ᠣᠷᠴᠢᠨ ᠲᠤᠭᠤᠷᠢᠨ ᠤ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠳᠤ ᠬᠢᠨᠠᠯᠲᠠ ᠲᠠᠯᠪᠢᠵᠤ ᠪᠣᠯᠣᠨ᠎ᠠ᠃ | ᠰᠣᠨᠢᠨ ᠮᠡᠳᠡᠭᠡᠨ ᠤ ᠵᠠᠭᠤᠴᠢᠰ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠳᠤ ᠶᠠᠷᠢᠶ᠎ᠠ ᠬᠡᠯᠡᠯᠴᠡᠭᠡᠨ ᠤ ᠬᠢᠨᠠᠯᠲᠠ | ᠲᠠᠯᠪᠢᠵᠤ ᠪᠣᠯᠣᠨ᠎ᠠ᠃ | ᠵᠢᠷᠠᠨ ᠭᠤᠷᠪᠠᠳᠤᠭᠠᠷ ᠵᠦᠢᠯ᠄ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ ᠨᠡᠶᠢᠭᠡᠮ ᠨᠡᠶᠢᠲᠡ ᠶᠢᠨ ᠠᠰᠢᠭ ᠲᠤᠰᠠ ᠶᠢ ᠬᠤᠬᠢᠷᠠᠭᠤᠯᠤᠭᠰᠠᠨ ᠦᠢᠯᠡ | ᠠᠵᠢᠯᠯᠠᠭ᠎ᠠ ᠳᠤ ᠠᠷᠠᠳ ᠤᠨ ᠪᠠᠶᠢᠴᠠᠭᠠᠬᠤ ᠬᠤᠷᠢᠶ᠎ᠠ ᠪᠠᠶᠢᠴᠠᠭᠠᠬᠤ ᠰᠠᠨᠠᠭᠤᠯᠭ᠎ᠠ ᠳᠤᠷᠠᠳᠬᠤ ᠪᠤᠶᠤ ᠨᠡᠶᠢᠲᠡ ᠶᠢᠨ ᠠᠰᠠᠷᠠᠮᠵᠢ ᠶᠢᠨ ᠵᠠᠭᠠᠯᠳᠤᠯᠭ᠎ᠠ ᠭᠠᠷᠭᠠᠵᠤ ᠪᠣᠯᠣᠨ᠎ᠠ᠃ | |