| | | | ᠳᠣᠯᠣᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | ᠵᠢᠷᠠᠨ ᠳᠥᠷᠪᠡᠳᠦᠭᠡᠷ ᠵᠦᠢᠯ᠄ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠵᠢᠷᠤᠭ ᠲᠥᠯᠥᠪᠯᠡᠭᠡ᠂ ᠪᠠᠷᠢᠯᠭ᠎ᠠ ᠶᠢᠨ ᠠᠵᠢᠯ᠂ ᠬᠢᠨᠠᠨ ᠬᠠᠮᠢᠶᠠᠷᠬᠤ | ᠨᠢᠭᠡᠴᠢ ᠲᠤᠰ ᠬᠠᠤᠯᠢ ᠶᠢᠨ ᠲᠣᠭᠲᠠᠭᠠᠯ ᠶᠣᠰᠣᠭᠠᠷ ᠪᠦᠲᠦᠭᠡᠨ ᠪᠠᠶᠢᠭᠤᠯᠤᠯᠲᠠ᠂ ᠵᠢᠷᠤᠭ ᠲᠥᠯᠥᠪᠯᠡᠭᠡ᠂ ᠪᠠᠷᠢᠯᠭ᠎ᠠ ᠶᠢᠨ ᠠᠵᠢᠯ᠂ ᠬᠢᠨᠠᠨ ᠬᠠᠮᠢᠶᠠᠷᠤᠯᠲᠠ ᠬᠢᠭᠰᠡᠨ | ᠦᠭᠡᠢ ᠪᠤᠯ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠠᠷᠠᠳ ᠤᠨ ᠶᠠᠪᠤᠳᠠᠯ᠂ ᠵᠠᠮ ᠲᠡᠭᠡᠭᠡᠪᠦᠷᠢ ᠵᠡᠷᠭᠡ ᠬᠤᠯᠪᠣᠭᠳᠠᠯ ᠪᠦᠬᠦᠢ | ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠤᠨ᠎ᠠ᠃ ᠬᠤᠭᠤᠴᠠᠭ᠎ᠠ ᠬᠡᠲᠦᠷᠡᠲᠡᠯ᠎ᠡ | ᠵᠠᠯᠠᠷᠠᠭᠤᠯᠤᠭᠰᠠᠨ ᠦᠭᠡᠢ ᠪᠤᠯ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠶᠤᠰᠤᠭᠠᠷ ᠰᠢᠢᠳᠬᠡᠨ᠎ᠡ᠃ | ᠵᠢᠷᠠᠨ ᠲᠠᠪᠤᠳᠤᠭᠠᠷ ᠵᠦᠢᠯ᠄ ᠲᠤᠰ ᠬᠠᠤᠯᠢ ᠶᠢ ᠵᠥᠷᠢᠴᠡᠵᠦ᠂ ᠲᠠᠷᠠᠭᠠᠬᠢ ᠪᠠᠶᠢᠳᠠᠯ ᠤᠨ ᠨᠢᠭᠡ ᠶᠢ ᠭᠠᠷᠭᠠᠪᠠᠯ᠂ ᠣᠷᠣᠨ ᠰᠠᠭᠤᠴᠠ ᠪᠠ ᠬᠤᠳᠠ | ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠠᠷᠠᠳ ᠤᠨ ᠶᠠᠪᠤᠳᠠᠯ᠂ ᠵᠠᠮ ᠲᠡᠭᠡᠭᠡᠪᠦᠷᠢ ᠵᠡᠷᠭᠡ ᠬᠤᠯᠪᠣᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠢᠨ | ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠤᠨ᠎ᠠ᠃ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠤᠯ ᠲᠦᠮᠡᠨ ᠠᠴᠠ ᠭᠤᠷᠪᠠᠨ | ᠲᠦᠮᠡᠨ ᠲᠥᠭᠦᠷᠢᠭ ᠤᠨ ᠲᠤᠳᠤᠷ᠎ᠠ ᠵᠣᠭᠤᠰ ᠢᠶᠠᠷ ᠲᠤᠷᠭᠠᠵᠤ᠂ ᠬᠤᠪᠢ ᠬᠥᠮᠥᠨ ᠢ ᠵᠠᠭᠤ ᠠᠴᠠ ᠲᠠᠪᠤᠨ ᠵᠠᠭᠤᠨ ᠲᠥᠭᠦᠷᠢᠭ ᠤᠨ ᠲᠤᠳᠤᠷ᠎ᠠ ᠵᠣᠭᠤᠰ ᠢᠶᠠᠷ | ᠲᠤᠷᠭᠠᠨ᠎ᠠ᠄ | ︵ᠨᠢᠭᠡ︶ ᠰᠠᠭᠠᠳ ᠦᠭᠡᠢ ᠲᠦᠬᠦᠬᠡᠷᠤᠮᠵᠢ ᠶᠢᠨ ᠬᠠᠷᠢᠭᠤᠴᠠᠯᠭᠠᠲᠠᠨ ᠨᠢ ᠬᠠᠮᠠᠭᠠᠯᠠᠬᠤ ᠪᠠ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ | ᠦᠭᠡᠢ᠂ ᠰᠠᠭᠠᠳ ᠦᠭᠡᠢ ᠲᠦᠬᠦᠬᠡᠷᠤᠮᠵᠢ ᠶᠢᠨ ᠴᠢᠳᠠᠮᠵᠢ ᠬᠡᠪ ᠤᠨ ᠪᠤᠰᠤ ᠪᠠ ᠠᠮᠤᠷ ᠲᠦᠪᠰᠢᠨ ᠤ ᠪᠠᠳᠤᠯᠠᠭ᠎ᠠ ᠦᠭᠡᠢ᠃ | ︵ᠬᠤᠶᠠᠷ︶ ᠲᠥᠷ ᠴᠠᠭ ᠤᠨ ᠲᠣᠬᠢᠷᠠᠭᠤᠯᠤᠭᠰᠠᠨ ᠰᠠᠭᠠᠳ ᠦᠭᠡᠢ ᠲᠦᠬᠦᠬᠡᠷᠤᠮᠵᠢ ᠨᠢ ᠬᠠᠮᠢᠶ᠎ᠠ ᠪᠦᠬᠦᠢ ᠲᠣᠭᠲᠠᠭᠠᠯ ᠳᠤ ᠨᠡᠶᠢᠴᠡᠬᠦ ᠦᠭᠡᠢ᠃ | ︵ᠭᠤᠷᠪᠠ︶ ᠰᠠᠭᠠᠳ ᠦᠭᠡᠢ ᠲᠥᠬᠦᠭᠡᠷᠦᠮᠵᠢ ᠶᠢᠨ ᠬᠡᠷᠡᠭᠴᠡᠭᠡ ᠶᠢ ᠳᠤᠷ᠎ᠠ ᠪᠠᠷ ᠢᠶᠠᠨ ᠬᠤᠪᠢᠷᠠᠭᠤᠯᠬᠤ ᠪᠤᠶᠤ ᠰᠠᠭᠠᠳ ᠦᠭᠡᠢ ᠲᠥᠬᠦᠭᠡᠷᠦᠮᠵᠢ ᠶᠢ | ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ᠂ ᠡᠪᠳᠡᠭᠰᠡᠨ᠃ | ᠵᠢᠷᠠᠨ ᠵᠢᠷᠭᠤᠳᠤᠭᠠᠷ ᠵᠦᠢᠯ᠄ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠰᠠᠭᠠᠳ ᠦᠭᠡᠢ ᠤᠷᠴᠢᠨ ᠲᠤᠭᠤᠷᠢᠨ ᠤ ᠮᠡᠳᠡᠭᠡ ᠵᠠᠩᠭᠢ ᠰᠣᠯᠢᠯᠴᠠᠬᠤ | ᠡᠭᠦᠷᠭᠡ ᠪᠠᠨ ᠬᠠᠤᠯᠢ ᠶᠣᠰᠣᠭᠠᠷ ᠭᠦᠢᠴᠡᠳᠬᠡᠭᠰᠡᠨ ᠦᠭᠡᠢ ᠪᠤᠯ ᠢᠨᠲ᠋ᠧᠷ ᠰᠦᠯᠵᠢᠶᠡᠨ ᠤ ᠮᠡᠳᠡᠭᠡ ᠵᠠᠩᠭᠢᠵᠢᠯᠲᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ | ᠴᠠᠬᠢᠯᠭᠠᠨ ᠬᠤᠯᠪᠣᠭ᠎ᠠ᠂ ᠷᠠᠳᠢᠣ᠋ ᠨᠡᠪᠲᠡᠷᠡᠭᠦᠯᠭᠡ ᠲᠧᠯᠸᠢᠰ᠂ ᠰᠣᠨᠢᠨ ᠮᠡᠳᠡᠭᠡ ᠬᠡᠪᠯᠡᠯ ᠵᠡᠷᠭᠡ ᠬᠤᠯᠪᠣᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠢᠨ | ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠤᠨ᠎ᠠ᠃ ᠬᠤᠭᠤᠴᠠᠭ᠎ᠠ ᠨᠢ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠤᠯ ᠨᠡᠶᠢᠳᠡ ᠳᠤ ᠵᠠᠷᠯᠠᠨ | ᠰᠢᠭᠦᠮᠵᠢᠯᠡᠨ᠎ᠡ᠃ | ᠵᠢᠷᠠᠨ ᠳᠣᠯᠣᠳᠤᠭᠠᠷ ᠵᠦᠢᠯ᠄ ᠴᠠᠬᠢᠯᠭᠠᠨ ᠬᠤᠯᠪᠣᠭᠠᠨ ᠤ ᠲᠤᠬᠠᠶᠢᠯᠠᠭᠰᠠᠨ ᠠᠵᠢᠯ ᠤᠨ ᠡᠵᠡᠩᠨᠡᠭᠴᠢ ᠬᠠᠤᠯᠢ ᠶᠣᠰᠣᠭᠠᠷ ᠰᠠᠭᠠᠳ ᠦᠭᠡᠢ ᠮᠡᠳᠡᠭᠡ | ᠵᠠᠩᠭᠢ ᠶᠢᠨ ᠦᠢᠯᠡᠴᠢᠯᠡᠭᠡ ᠬᠠᠩᠭᠠᠭᠰᠠᠨ ᠦᠭᠡᠢ ᠪᠤᠯ ᠴᠠᠬᠢᠯᠭᠠᠨ ᠬᠤᠯᠪᠣᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠵᠠᠷᠯᠢᠭᠳᠠᠵᠤ ᠪᠠᠶᠢᠭᠠᠳ | ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠤᠨ᠎ᠠ᠃ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠤᠯ ᠲᠤᠬᠠᠢ ᠶᠢᠨ ᠡᠵᠡᠩᠨᠡᠭᠴᠢ ᠶᠢ ᠲᠦᠮᠨ ᠠᠴᠠ ᠠᠷᠪᠠᠨ | ᠲᠦᠮᠡᠨ ᠲᠥᠭᠦᠷᠢᠭ ᠤᠨ ᠲᠤᠳᠤᠷ᠎ᠠ ᠵᠣᠭᠤᠰ ᠢᠶᠠᠷ ᠲᠤᠷᠭᠠᠨ᠎ᠠ᠃ | ᠵᠢᠷᠠᠨ ᠨᠠᠢᠮᠠᠳᠤᠭᠠᠷ ᠵᠦᠢᠯ᠄ ᠤᠯᠠᠨ ᠨᠡᠶᠢᠲᠡ ᠶᠢᠨ ᠦᠢᠯᠡᠴᠢᠯᠡᠭᠡᠨ ᠤ ᠲᠤᠰᠢᠶᠠᠯ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠪᠠ ᠨᠢᠭᠡᠴᠢ ᠬᠠᠤᠯᠢ | ᠶᠣᠰᠣᠭᠠᠷ ᠰᠠᠭᠠᠳ ᠦᠭᠡᠢ ᠨᠡᠶᠢᠭᠡᠮ ᠤᠨ ᠦᠢᠯᠡᠴᠢᠯᠡᠭᠡ ᠬᠠᠩᠭᠠᠭᠰᠠᠨ ᠦᠭᠡᠢ ᠪᠤᠯ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠪᠤᠶᠤ ᠳᠡᠭᠡᠳᠦ ᠱᠠᠲᠤᠨ ᠤ | ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠤᠨ᠎ᠠ᠃ ᠬᠤᠭᠤᠴᠠᠭ᠎ᠠ ᠬᠡᠲᠦᠷᠡᠲᠡᠯ᠎ᠡ | ᠵᠠᠯᠠᠷᠠᠭᠤᠯᠤᠭᠰᠠᠨ ᠦᠭᠡᠢ ᠪᠤᠯ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠬᠥᠮᠥᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠥᠨ ᠳᠤ ᠬᠠᠤᠯᠢ | ᠶᠣᠰᠣᠭᠠᠷ ᠰᠢᠢᠳᠬᠡᠯ ᠥᠭᠭᠦᠨ᠎ᠡ᠃ | ᠵᠢᠷᠠ ᠶᠢᠰᠦᠳᠦᠭᠡᠷ ᠵᠦᠢᠯ᠄ ᠰᠢᠯᠭᠠᠯᠲᠠ ᠶᠢ ᠡᠷᠬᠢᠯᠡᠭᠴᠢ᠂ ᠵᠣᠬᠢᠶᠠᠨ ᠪᠠᠶᠢᠭᠤᠯᠤᠭᠴᠢ ᠨᠢ ᠵᠡᠮᠳᠡᠭ ᠰᠢᠯᠭᠠᠭᠤᠯᠤᠭᠴᠢ ᠳᠤ ᠬᠠᠤᠯᠢ ᠶᠣᠰᠣᠭᠠᠷ ᠲᠦᠬᠦᠮ | ᠦᠵᠡᠭᠦᠯᠬᠦ ᠦᠢᠯᠡᠴᠢᠯᠡᠭᠡ ᠬᠠᠩᠭᠠᠭᠰᠠᠨ ᠦᠭᠡᠢ ᠪᠤᠯ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠪᠤᠶᠤ ᠳᠡᠭᠡᠳᠦ ᠱᠠᠲᠤᠨ ᠤ ᠡᠷᠬᠢᠯᠡᠨ ᠬᠠᠮᠢᠶᠠᠷᠬᠤ ᠰᠠᠯᠠᠭ᠎ᠠ | ᠮᠥᠴᠢᠷ ᠤᠨ ᠬᠢᠨ ᠰᠢᠭᠦᠮᠵᠢᠯᠡᠬᠦ ᠶᠢᠨ ᠬᠠᠮᠲᠤ ᠵᠠᠷᠯᠢᠭᠳᠠᠨ ᠵᠠᠯᠠᠷᠠᠭᠤᠯᠤᠭᠤᠯᠤᠨ᠎ᠠ᠃ ᠵᠠᠯᠠᠷᠠᠭᠤᠯᠬᠤ ᠶᠢ ᠲᠡᠪᠴᠢᠪᠡᠯ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ | ᠬᠠᠮᠢᠶᠠᠷᠬᠤ ᠬᠥᠮᠥᠨ ᠪᠣᠯᠣᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠥᠨ ᠳᠤ ᠬᠠᠤᠯᠢ ᠶᠣᠰᠣᠭᠠᠷ ᠰᠢᠢᠳᠬᠡᠯ ᠥᠭᠭᠦᠨ᠎ᠡ᠃ | ᠳᠠᠯᠠᠳᠤᠭᠠᠷ ᠵᠦᠢᠯ᠄ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ᠂ ᠬᠤᠯᠪᠣᠭᠳᠠᠯ ᠪᠦᠬᠦᠢ ᠵᠣᠬᠢᠶᠠᠨ ᠪᠠᠶᠢᠭᠤᠯᠤᠯᠲᠠ ᠶᠢᠨ ᠠᠵᠢᠯᠲᠠᠨ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ᠂ ᠡᠭᠦᠷᠭᠡ ᠲᠤᠰᠢᠶᠠᠯ ᠳᠤ ᠪᠠᠨ | ᠣᠰᠣᠯᠳᠠᠭᠰᠠᠨ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠦᠷᠢᠴᠡᠪᠡᠯ ᠬᠠᠤᠯᠢ ᠶᠣᠰᠣᠭᠠᠷ ᠰᠢᠢᠳᠬᠡᠯ ᠥᠭᠭᠦᠨ᠎ᠡ᠃ | ᠲᠠᠯᠠᠨ ᠨᠢᠭᠡᠳᠦᠭᠡᠷ ᠵᠦᠢᠯ᠄ ᠲᠤᠰ ᠬᠠᠤᠯᠢ ᠢ ᠵᠦᠷᠢᠴᠡᠬᠡᠳ᠂ ᠪᠡᠶ᠎ᠡ ᠮᠠᠬᠠᠪᠤᠳ᠂ ᠡᠳ᠋ ᠬᠥᠷᠥᠩᠭᠡ ᠳᠤ ᠬᠤᠬᠢᠷᠠᠯ ᠤᠴᠠᠷᠠᠭᠤᠯᠪᠠᠯ᠂ ᠬᠠᠤᠯᠢ ᠶᠣᠰᠣᠭᠠᠷ | ᠢᠷᠭᠡᠨ ᠤ ᠬᠡᠷᠡᠭ ᠤᠨ ᠬᠠᠷᠢᠭᠤᠴᠠᠯᠭ᠎ᠠ ᠡᠭᠦᠷᠭᠡᠯᠡᠨ᠎ᠡ᠃ ᠶᠠᠯ᠎ᠠ ᠤᠨ ᠬᠡᠮᠵᠢᠶᠡᠨ ᠳᠤ ᠬᠦᠷᠦᠭᠰᠡᠨ ᠪᠤᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | | ᠨᠠᠢᠮᠠᠳᠤᠭᠠᠷ ᠪᠦᠯᠦᠭ ᠲᠠᠭᠠᠯᠳᠤᠭᠤᠯᠤᠬᠰᠠᠨ ᠳᠦᠷᠢᠮ | ᠲᠠᠯᠠᠨ ᠬᠤᠶᠠᠳᠤᠭᠠᠷ ᠵᠦᠢᠯ᠄ ᠲᠤᠰ ᠬᠠᠤᠯᠢ ᠶᠢ 2023 ᠣᠨ ᠤ 9 ᠳ᠋ᠤᠭᠡᠷ ᠰᠠᠷ᠎ᠠ ᠶᠢᠨ 1 ᠤ ᠡᠳᠦᠷ ᠠᠴᠠ ᠬᠡᠷᠡᠭᠵᠢᠭᠦᠯᠦᠨ᠎ᠡ᠃ |