ᠪᠠᠭᠠᠷᠢᠨ ᠪᠠᠷᠠᠭᠤᠨ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢᠨ ᠪᠠᠶᠢᠭᠤᠯᠤᠮᠵᠢ ᠶᠢᠨ ᠡᠭᠦᠷᠭᠡ ᠴᠢᠳᠠᠪᠬᠢ
ᠨᠡᠶᠢᠲᠡᠯᠡᠭᠰᠡᠨ ᠴᠠᠭ᠄
2023/11/17
           ᠨᠢᠭᠡ᠂ ᠭᠤᠤᠯ ᠡᠭᠦᠷᠭᠡ ᠬᠠᠷᠢᠭᠤᠴᠠᠯᠭ᠎ᠠ           1. ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠳᠤᠷᠠᠳᠤᠭᠰᠠᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠬᠦᠯᠢᠶᠡᠨ ᠠᠪᠴᠤ ᠰᠢᠢᠳᠪᠦᠷᠢᠯᠡᠬᠦ ᠪᠠ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃           2. ᠳᠡᠭᠡᠳᠦ ᠱᠠᠲᠤᠨ ᠤ ᠪᠠᠶᠢᠭᠤᠯᠭ᠎ᠠ ᠪᠠ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠤᠳᠤᠷᠢᠳᠬᠤ ᠨᠥᠬᠦᠳ ᠤᠨ ᠲᠤᠰᠢᠶᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠳᠠᠭᠠᠭᠠᠨ ᠰᠢᠢᠳᠪᠦᠷᠢᠯᠡᠬᠦ ᠶᠢ ᠬᠠᠷᠢᠭᠤᠴᠠᠵᠤ᠂ ᠬᠤᠰᠢᠭᠤᠨ ᠤ ᠵᠠᠰᠠᠭ ᠤᠨ ᠣᠷᠳᠣᠨ ᠳᠤ ᠳᠠᠪᠲᠠᠨ ᠪᠠᠶᠢᠴᠠᠭᠠᠯᠭᠠᠵᠤ ᠳᠠᠬᠢᠨ ᠬᠢᠨᠠᠭᠤᠯᠬᠤ ᠪᠠᠷ ᠭᠤᠶᠤᠴᠢᠯᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠬᠦᠯᠢᠶᠡᠨ ᠠᠪᠴᠤ ᠰᠢᠢᠳᠪᠦᠷᠢᠯᠡᠨ᠎ᠡ᠃ ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ ᠵᠢᠴᠢ ᠬᠤᠰᠢᠭᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠵᠠᠬᠢᠳᠠᠯ ᠰᠤᠷᠪᠤᠯᠵᠢᠯᠠᠭ᠎ᠠ ᠶᠢᠨ  ᠵᠦᠢᠯᠡᠰ ᠢ ᠰᠢᠯᠵᠢᠭᠦᠯᠦᠨ ᠰᠢᠢᠳᠪᠦᠷᠢᠯᠡᠭᠦᠯᠬᠦ᠂ ᠲᠤᠰᠢᠶᠠᠨ ᠥᠭᠴᠦ ᠰᠢᠢᠳᠪᠦᠷᠢᠯᠡᠭᠦᠯᠦᠨ᠎ᠡ᠃           3. ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ ᠵᠢᠴᠢ ᠬᠤᠰᠢᠭᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠵᠣᠬᠢᠴᠠᠭᠤᠯᠤᠨ ᠵᠢᠯᠣᠭᠤᠳᠴᠤ᠂ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠵᠦ ᠪᠠᠶᠢᠭ᠎ᠠ ᠪᠠ ᠵᠠᠬᠢᠳᠠᠯ ᠰᠤᠷᠪᠤᠯᠵᠢᠯᠠᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠱᠠᠭᠠᠷᠳᠠᠨ ᠪᠠᠶᠢᠴᠠᠭᠠᠵᠤ᠂ ᠭᠠᠵᠠᠷ ᠣᠷᠣᠨ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠠᠵᠢᠯ ᠲᠥᠷᠥᠯ ᠠᠯᠤᠰᠯᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠵᠣᠬᠢᠴᠠᠭᠤᠯᠤᠨ ᠰᠢᠮᠳᠠᠭᠤᠯᠤᠨ ᠰᠢᠢᠳᠪᠦᠷᠢᠯᠡᠨ᠎ᠡ᠃           4. ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠠᠷᠢᠯᠭᠠᠬᠤ ᠠᠵᠢᠯ ᠢ ᠬᠠᠷᠢᠭᠤᠴᠠᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠬᠡᠯᠪᠡᠷᠢ ᠶᠢ ᠵᠠᠳᠠᠯᠤᠨ ᠰᠢᠨᠵᠢᠯᠡᠵᠦ᠂ ᠲᠤᠷᠰᠢᠯᠭ᠎ᠠ ᠠᠷᠭ᠎ᠠ ᠬᠢᠳᠡᠯ ᠢᠶᠠᠨ ᠳ᠋ᠦᠩᠨᠡᠨ᠂ ᠠᠷᠠᠳ ᠣᠯᠠᠨ ᠤ ᠰᠠᠨᠠᠭᠤᠯᠭ᠎ᠠ ᠶᠢ ᠴᠤᠭᠯᠠᠭᠤᠯᠵᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠬᠠᠮᠢᠶ᠎ᠠ ᠪᠥᠬᠦᠶ ᠰᠠᠨᠠᠯ ᠰᠠᠨᠠᠭᠤᠯᠭ᠎ᠠ ᠳᠤᠷᠠᠳᠬᠤ ᠶᠢ ᠬᠠᠷᠢᠭᠤᠴᠠᠨ᠎ᠠ᠃           5. ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠳᠦᠷᠢᠮ ᠤᠨ ᠥᠭᠡᠷᠡᠴᠢᠯᠡᠯᠲᠡ ᠪᠠ ᠵᠠᠬᠢᠳᠠᠯ ᠰᠤᠷᠪᠤᠯᠵᠢᠯᠠᠭ᠎ᠠ ᠶᠢᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠤᠭᠤᠷᠪᠢᠨ ᠲᠣᠭᠲᠠᠭᠠᠨ᠎ᠠ᠃ ᠪᠥᠬᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃          6. ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠠᠯᠪᠠᠨ ᠬᠡᠷ ᠤᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠲᠣᠭᠲᠠᠭᠠᠭᠰᠠᠨ  ᠵᠦᠢᠯᠡᠰ ᠤᠨ ᠨᠠᠶᠢᠳᠠᠪᠤᠷᠢᠵᠢᠭᠤᠯᠤᠯᠲᠠ ᠶᠢ ᠱᠠᠭᠠᠷᠳᠠᠨ ᠪᠠᠶᠢᠴᠠᠭᠠᠨ᠎ᠠ᠃           7. ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠤᠬᠠᠭᠤᠯᠭ᠎ᠠ᠂ ᠮᠡᠳᠡᠭᠡ ᠵᠠᠩᠭᠢ ᠨᠡᠶᠢᠲᠡᠯᠡᠬᠦ ᠪᠠ ᠭᠠᠳᠠᠭᠠᠳᠤ ᠲᠠᠢ ᠰᠣᠯᠢᠯᠴᠠᠭ᠎ᠠ ᠬᠢᠬᠦ ᠶᠢ ᠬᠠᠷᠢᠭᠤᠴᠠᠨ᠎ᠠ           8. ᠲᠣᠰ ᠠᠵᠢᠯ ᠲᠥᠷᠥᠯ᠂ ᠲᠣᠰ ᠰᠠᠯᠠᠭ᠎ᠠ ᠮᠥᠴᠢᠷ ᠤᠨ ᠢᠶᠠᠨ ᠠᠶᠦᠯᠬᠦᠢ ᠦᠶ᠋ᠯᠡᠳᠪᠦᠷᠢᠯᠡᠯ ᠤᠨ ᠬᠠᠮᠢᠶ᠎ᠠ ᠪᠥᠬᠦᠶ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠃           9. ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃           ᠬᠤᠶᠠᠷ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ          1. ᠶᠡᠷᠦᠩᠬᠡᠶᠢᠯᠡᠭᠰᠡᠨ ᠲᠠᠰᠤᠭ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠨ᠎ᠠ᠃ ᠠᠯᠪᠠᠨ ᠪᠢᠴᠢᠭ ᠰᠢᠢᠳᠪᠦᠷᠢᠯᠡᠬᠦ᠂ ᠮᠡᠳᠡᠭᠡ ᠵᠠᠩᠭᠢ ᠶᠢᠨ ᠤᠬᠠᠭᠤᠯᠭ᠎ᠠ᠂ ᠨᠢᠭᠤᠴᠠ ᠴᠢᠬᠤᠯᠠ ᠮᠠᠲ᠋ᠧᠷᠢᠶᠠᠯ ᠤᠨ ᠨᠢᠭᠤᠴᠠ ᠶᠢ ᠬᠠᠮᠠᠭᠠᠯᠠᠬᠤ᠂ ᠡᠳ᠋ ᠤᠨ ᠶᠠᠪᠤᠳᠠᠯ ᠤᠨ ᠬᠠᠮᠢᠶᠠᠷᠤᠯᠲᠠ᠂ ᠳᠠᠩᠰᠠ ᠡᠪᠬᠡᠮᠡᠯ ᠤᠨ ᠬᠠᠮᠢᠶᠠᠷᠤᠯᠲᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠰᠦᠯᠵᠢᠶ᠎ᠡ ᠪᠠᠷ ᠠᠵᠢᠯᠯᠠᠭᠤᠯᠵᠤ ᠬᠠᠮᠠᠭᠠᠯᠠᠬᠤ᠂ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂  ᠠᠶᠣᠯᠭᠦᠢ ᠦᠢᠯᠡᠳᠪᠦᠷᠢᠯᠡᠯ ᠵᠡᠷᠭᠡ ᠠᠵᠢᠯ ᠢ ᠡᠭᠦᠷᠭᠡᠯᠡᠨ᠎ᠡ᠃ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠠᠷᠢᠯᠭᠠᠬᠤ ᠳᠦᠷᠢᠮ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠡᠯ᠎ᠡ ᠲᠥᠷᠥᠯ ᠤᠨ ᠵᠠᠬᠢᠳᠠᠯ ᠰᠤᠷᠪᠤᠯᠵᠢᠯᠠᠭ᠎ᠠ ᠶᠢᠨ ᠮᠡᠳᠡᠭᠡ ᠵᠠᠩᠭᠢ ᠵᠢᠴᠢ ᠡᠯ᠎ᠡ ᠲᠥᠷᠥᠯ ᠤᠨ ᠵᠠᠬᠢᠳᠠᠯ ᠰᠤᠷᠪᠤᠯᠵᠢᠯᠠᠭ᠎ᠠ ᠶᠢᠨ ᠪᠦᠷᠢᠳᠬᠡᠯ ᠤᠨ ᠲᠤᠭ᠎ᠠ ᠪᠠᠷᠢᠮᠲᠠ ᠶᠢ ᠴᠤᠭᠯᠠᠭᠤᠯᠤᠨ ᠡᠮᠬᠢᠳᠬᠡᠵᠦ ᠵᠠᠳᠠᠯᠬᠤ ᠠᠵᠢᠯ ᠢ ᠡᠭᠦᠷᠭᠡᠯᠡᠨ᠎ᠡ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠷᠠᠯᠲᠠᠲᠤ ᠬᠠᠮᠢᠶᠠᠷᠤᠯᠲᠠ ᠶᠢᠨ ᠬᠢᠨᠠᠨ ᠰᠢᠯᠭᠠᠯᠲᠠ ᠪᠠ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠥᠭᠡᠷᠡᠴᠢᠯᠡᠯᠲᠡ ᠶᠢᠨ ᠡᠭᠦᠷᠭᠡ ᠶᠢ ᠡᠭᠦᠷᠭᠡᠯᠡᠨ᠎ᠡ᠃ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠠᠯᠪᠠᠨ ᠬᠡᠷ ᠤᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠬᠠᠤᠯᠢ ᠪᠠᠷ ᠵᠠᠰᠠᠬᠤ ᠤᠬᠠᠭᠤᠯᠭ᠎ᠠ ᠶᠢ ᠴᠢᠩᠭᠠᠳᠬᠠᠵᠤ᠂ ᠬᠠᠤᠯᠢ ᠶᠣᠰᠣᠭᠠᠷ ᠱᠠᠳᠤ ᠱᠠᠳᠤ ᠪᠠᠷ ᠰᠤᠷᠪᠤᠯᠵᠢᠯᠠᠬᠤ᠂ ᠵᠠᠭᠠᠯᠳᠤᠬᠤ ᠪᠠ ᠰᠤᠷᠪᠤᠯᠵᠢᠯᠠᠬᠤ ᠶᠢ ᠰᠠᠯᠭᠠᠬᠤ ᠶᠢ ᠵᠣᠬᠢᠴᠠᠭᠤᠯᠤᠨ ᠠᠬᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠭᠤᠮᠣᠳᠠᠯ ᠱᠠᠭᠠᠷᠳᠠᠯᠭ᠎ᠠ ᠶᠢ ᠬᠠᠤᠯᠢ ᠶᠣᠰᠣᠭᠠᠷ ᠲᠦᠷᠦᠯ ᠬᠤᠪᠢᠶᠠᠨ ᠰᠢᠢᠳᠪᠦᠷᠢᠯᠡᠵᠦ᠂ ᠬᠠᠤᠯᠢᠴᠢ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠳᠤ ᠣᠷᠣᠯᠴᠠᠬᠤ ᠵᠡᠷᠭᠡ ᠠᠵᠢᠯ ᠢ ᠵᠣᠬᠢᠴᠠᠩᠭᠤᠶ ᠪᠠᠷ ᠲᠦᠯᠬᠢᠨ ᠠᠬᠢᠭᠤᠯᠤᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠳᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠬᠤ ᠠᠵᠢᠯ ᠢ ᠬᠠᠷᠢᠭᠤᠴᠠᠵᠤ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠡᠭᠦᠷᠭᠡᠯᠡᠨ᠎ᠡ᠃ ᠬᠤᠰᠢᠭᠤᠨ ᠤ ᠵᠠᠰᠠᠭ ᠤᠨ ᠣᠷᠳᠣᠨ ᠳᠤ ᠳᠠᠪᠲᠠᠨ ᠪᠠᠶᠢᠴᠠᠭᠠᠯᠭᠠᠵᠤ ᠳᠠᠬᠢᠨ ᠬᠢᠨᠠᠭᠤᠯᠬᠤ ᠪᠠᠷ ᠭᠤᠶᠤᠴᠢᠯᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠬᠠᠷᠢᠭᠤᠴᠠᠨ ᠰᠢᠢᠳᠪᠦᠷᠢᠯᠡᠨ᠎ᠡ᠃           2. ᠵᠠᠬᠢᠳᠠᠯ ᠴᠢᠮᠡᠭᠡ ᠰᠢᠢᠳᠪᠦᠷᠢᠯᠡᠬᠦ ᠲᠠᠰᠤᠭ ︵ᠠᠷᠠᠳ ᠤᠨ ᠰᠠᠨᠠᠭᠤᠯᠭ᠎ᠠ ᠭᠠᠷᠭᠠᠵᠤ ᠴᠤᠭᠯᠠᠭᠤᠯᠬᠤ ᠲᠠᠰᠤᠭ︶᠃ ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠢᠷᠡᠭᠦᠯᠦᠭᠰᠡᠨ ᠵᠠᠬᠢᠳᠠᠯ ᠪᠠ ᠤᠳᠤᠷᠢᠳᠤᠯᠭ᠎ᠠ ᠶᠢᠨ ᠵᠠᠬᠢᠳᠠᠯ ᠤᠨ ᠬᠠᠶᠢᠷᠴᠠᠭ᠂ ᠲᠣᠤᠷ ᠰᠦᠯᠵᠢᠶ᠎ᠡ ᠶᠢᠨ ᠵᠠᠬᠢᠳᠠᠯ ᠰᠤᠷᠪᠤᠯᠵᠢᠯᠠᠭ᠎ᠠ ᠶᠢᠨ ᠠᠷᠭ᠎ᠠ ᠵᠠᠮ ᠢᠶᠠᠷ ᠳᠤᠷᠠᠳᠤᠭᠰᠠᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ  ᠰᠢᠢᠳᠪᠦᠷᠢᠯᠡᠬᠦ ᠶᠢ ᠬᠠᠷᠢᠭᠤᠴᠠᠨ ᠭᠥᠯᠢᠶᠡᠨ ᠠᠪᠴᠤ ᠰᠢᠢᠳᠪᠦᠷᠢᠯᠡᠨ᠎ᠡ᠂ ᠬᠤᠯᠪᠣᠭᠳᠠᠯ ᠪᠥᠬᠦᠶ ᠰᠤᠮᠤ ᠪᠠᠯᠭᠠᠰᠤ᠂ ᠵᠡᠭᠡᠯᠢ ᠭᠤᠳᠤᠮᠵᠢ ᠪᠤᠶᠤ ᠬᠤᠰᠢᠭᠤᠨ ᠰᠢᠭᠤᠳ ᠬᠠᠷᠢᠶ᠎ᠠ ᠰᠠᠯᠠᠭ᠎ᠠ ᠮᠥᠴᠢᠷ᠂ ᠨᠢᠭᠡᠴᠡ ᠳᠤ ᠰᠢᠯᠵᠢᠭᠦᠯᠦᠨ ᠬᠦᠷᠭᠡᠬᠦ᠂ ᠲᠤᠰᠢᠶᠠᠨ ᠰᠢᠢᠳᠪᠦᠷᠢᠯᠡᠭᠦᠯᠬᠦ᠂ ᠰᠢᠮᠳᠠᠭᠤᠯᠤᠨ ᠰᠢᠢᠳᠪᠦᠷᠢᠯᠡᠭᠦᠯᠦᠨ᠎ᠡ᠃ ᠳᠡᠭᠡᠳᠦ ᠱᠠᠲᠤᠨ ᠤ ᠪᠠᠶᠢᠭᠤᠯᠭ᠎ᠠ ᠪᠠ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠤᠳᠤᠷᠢᠳᠬᠤ ᠨᠥᠬᠦᠳ ᠤᠨ ᠳᠠᠮᠵᠢᠭᠤᠯᠤᠨ ᠬᠦᠷᠭᠡᠭᠰᠡᠨ᠂ ᠲᠤᠰᠢᠶᠠᠨ ᠰᠢᠢᠳᠪᠦᠷᠢᠯᠡᠭᠦᠯᠦᠭᠰᠡᠨ᠂ ᠵᠥᠪᠰᠢᠶᠡᠷᠡᠨ ᠰᠢᠢᠳᠪᠦᠷᠢᠯᠡᠭᠦᠯᠦᠭᠰᠡᠨ ᠵᠠᠬᠢᠳᠠᠯ ᠤᠲᠠᠰᠤ ᠪᠠ ᠰᠦᠯᠵᠢᠶᠡᠨ ᠤ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠳᠠᠭᠠᠭᠠᠨ  ᠭᠦᠢᠴᠡᠳᠬᠡᠨ᠎ᠡ᠃ ᠢᠷᠡᠭᠦᠯᠦᠭᠰᠡᠨ ᠵᠠᠬᠢᠳᠠᠯ ᠪᠠ ᠰᠦᠯᠵᠢᠶᠡᠨ ᠤ ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ ᠢ ᠪᠦᠷᠢᠳᠬᠡᠨ ᠵᠠᠳᠠᠯᠬᠤ ᠶᠢᠨ ᠬᠠᠮᠲᠤ ᠰᠠᠨᠠᠯ ᠪᠠ ᠰᠠᠨᠠᠭᠤᠯᠭ᠎ᠠ ᠳᠤᠷᠠᠳᠤᠨ᠎ᠠ᠃ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠳᠤᠷᠠᠳᠤᠭᠰᠠᠨ ᠰᠠᠨᠠᠯ ᠪᠠ ᠰᠠᠨᠠᠭᠤᠯᠭ᠎ᠠ ᠶᠢ ᠴᠤᠭᠯᠠᠭᠤᠯᠵᠤ ᠰᠢᠢᠳᠪᠦᠷᠢᠯᠡᠬᠦ ᠪᠠ ᠰᠤᠳᠤᠯᠤᠨ᠎ᠠ᠃          3. ᠰᠤᠷᠪᠤᠯᠵᠢᠯᠠᠬᠤ ᠪᠠᠷ ᠢᠷᠡᠭᠰᠡᠨ ᠢ ᠬᠦᠯᠢᠶᠡᠨ ᠠᠪᠬᠤ ᠭᠡᠷ᠃ ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠰᠤᠷᠪᠤᠯᠵᠢᠯᠠᠬᠤ ᠪᠠᠷ ᠢᠷᠡᠭᠰᠡᠨ ᠵᠠᠬᠢᠳᠠᠯ ᠰᠤᠷᠪᠤᠯᠵᠢᠯᠠᠭ᠎ᠠ ᠶᠢᠨ  ᠵᠦᠢᠯᠡᠰ ᠢ ᠭᠥᠯᠢᠶᠡᠨ ᠠᠪᠴᠤ  ᠰᠡᠢᠳᠪᠦᠷᠯᠡᠬᠦ ᠶᠢ ᠬᠠᠷᠢᠭᠤᠴᠠᠵᠤ᠂ ᠬᠤᠯᠪᠣᠭᠳᠠᠯ ᠪᠥᠬᠦᠶ ᠰᠤᠮᠤ ᠪᠠᠯᠭᠠᠰᠤ᠂ ᠵᠡᠭᠡᠯᠢ ᠭᠤᠳᠤᠮᠵᠢ ᠪᠤᠶᠤ ᠬᠤᠰᠢᠭᠤᠨ ᠰᠢᠭᠤᠳ ᠬᠠᠷᠢᠶ᠎ᠠ ᠰᠠᠯᠠᠭ᠎ᠠ ᠮᠥᠴᠢᠷ᠂ ᠨᠢᠭᠡᠴᠡ ᠳᠤ ᠰᠢᠯᠵᠢᠭᠦᠯᠦᠨ ᠬᠦᠷᠭᠡᠬᠦ᠂ ᠲᠤᠰᠢᠶᠠᠨ ᠰᠢᠢᠳᠪᠦᠷᠢᠯᠡᠭᠦᠯᠬᠦ᠂ ᠰᠢᠮᠳᠠᠭᠤᠯᠤᠨ ᠰᠢᠢᠳᠪᠦᠷᠢᠯᠡᠭᠦᠯᠦᠨ᠎ᠡ᠃ ᠳᠡᠭᠡᠳᠦ ᠱᠠᠲᠤᠨ ᠤ ᠪᠠᠶᠢᠭᠤᠯᠭ᠎ᠠ ᠪᠣᠯᠤᠨ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠵᠢᠴᠢ ᠤᠳᠤᠷᠢᠳᠬᠤ ᠨᠥᠬᠦᠳ ᠤᠨ ᠰᠤᠷᠪᠤᠯᠵᠢᠯᠠᠬᠤ ᠪᠠᠷ ᠢᠷᠡᠭᠰᠡᠨ ᠵᠦᠢᠯᠡᠰ ᠢ ᠳᠠᠮᠵᠢᠭᠤᠯᠤᠨ ᠬᠦᠷᠭᠡᠬᠦ᠂ ᠲᠤᠰᠢᠶᠠᠨ ᠰᠢᠢᠳᠪᠦᠷᠢᠯᠡᠭᠦᠯᠬᠦ᠂ ᠵᠥᠪᠰᠢᠶᠡᠷᠡᠨ  ᠭᠦᠢᠴᠡᠳᠬᠡᠬᠦ ᠶᠢ ᠳᠠᠭᠠᠭᠠᠨ ᠭᠦᠢᠴᠡᠳᠬᠡᠨ᠎ᠡ᠃ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠠᠮᠲᠤᠷᠠᠭᠰᠠᠨ ᠰᠤᠷᠪᠤᠯᠵᠢᠯᠠᠭ᠎ᠠ ᠶᠢ ᠭᠥᠯᠢᠶᠡᠨ ᠠᠪᠬᠤ ᠲᠥᠪ ᠤᠨ ᠵᠣᠬᠢᠶᠠᠨ ᠪᠠᠶᠢᠭᠤᠯᠬᠤ᠂ ᠵᠣᠬᠢᠴᠠᠭᠤᠯᠤᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠪᠡᠭᠡᠵᠢᠩ ᠳᠤ ᠰᠠᠭᠤᠭ᠎ᠠ᠂ ᠬᠥᠬᠡᠬᠤᠲᠠ ᠳᠤ ᠰᠠᠭᠤᠭ᠎ᠠ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠵᠢᠯᠣᠭᠤᠳᠬᠤ ᠶᠢ ᠬᠠᠷᠢᠭᠤᠴᠠᠵᠤ᠂ ᠲᠣᠰ ᠬᠤᠰᠢᠭᠤᠨ ᠤ ᠣᠯᠠᠨ ᠲᠦᠮᠡᠨ ᠤ ᠪᠡᠭᠡᠵᠢᠩ᠂ ᠬᠥᠬᠡᠬᠤᠲᠠ ᠶᠢᠨ ᠥᠯᠥ ᠭᠥᠯᠢᠶᠡᠨ ᠠᠪᠬᠤ ᠲᠠᠯᠠᠪᠤᠷ ᠲᠤ ᠬᠦᠷᠴᠦ ᠬᠡᠪ ᠤᠨ ᠪᠤᠰᠤ ᠪᠠᠷ ᠳᠡᠭᠡᠭᠰᠢ ᠰᠤᠷᠪᠤᠯᠵᠢᠯᠠᠬᠤ ᠶᠢ ᠢᠳᠬᠠᠨ ᠪᠤᠴᠠᠭᠠᠬᠤ ᠠᠵᠢᠯ ᠢ ᠵᠣᠬᠢᠴᠠᠭᠤᠯᠤᠨ ᠵᠢᠯᠣᠭᠤᠳᠤᠨ᠎ᠠ᠃ ᠬᠤᠰᠢᠭᠤᠨ ᠤ ᠨᠠᠮ ᠵᠠᠰᠠᠭ ᠤᠨ ᠠᠯᠪᠠᠯᠠᠬᠤ ᠲᠣᠭᠤᠷᠢᠭ ᠤᠨ ᠡᠷᠬᠢᠨ ᠲᠣᠭᠤᠷᠢᠨ ᠤ ᠰᠤᠷᠪᠤᠯᠵᠢᠯᠠᠭᠴᠢᠳ ᠢ ᠵᠣᠬᠢᠶᠠᠨ ᠪᠠᠶᠢᠭᠤᠯᠤᠨ ᠬᠥᠲᠥᠯᠦᠨ ᠵᠢᠯᠣᠭᠤᠳᠴᠤ ᠲᠣᠭᠲᠠᠭᠰᠠᠨ ᠲᠠᠯᠠᠪᠤᠷ ᠲᠤ ᠬᠦᠷᠴᠦ ᠠᠰᠠᠭᠤᠳᠠᠯ ᠢ ᠲᠤᠰᠬᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠵᠠᠬᠢᠳᠠᠯ ᠰᠤᠷᠪᠤᠯᠵᠢᠯᠠᠭ᠎ᠠ ᠶᠢᠨ ᠬᠠᠤᠯᠢ ᠠᠴᠠ ᠵᠥᠷᠢᠴᠡᠭᠰᠡᠨ ᠣᠯᠠᠨ ᠲᠦᠮᠡᠨ ᠤ ᠰᠤᠷᠪᠤᠯᠵᠢᠯᠠᠭᠰᠠᠨ ᠪᠠᠶᠢᠳᠠᠯ ᠢ ᠪᠦᠷᠢᠳᠬᠡᠨ ᠵᠠᠳᠠᠯᠬᠤ ᠶᠢᠨ ᠬᠠᠮᠲᠤ ᠰᠠᠨᠠᠯ ᠰᠠᠨᠠᠭᠤᠯᠭ᠎ᠠ ᠲᠤᠷᠠᠳᠤᠨ᠎ᠠ᠃          4. ᠱᠠᠭᠠᠷᠳᠠᠨ ᠪᠠᠶᠢᠴᠠᠭᠠᠬᠤ ᠲᠠᠰᠤᠭ᠃ ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ ᠵᠢᠴᠢ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠰᠡᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠭᠠᠷᠳᠠᠨ ᠪᠠᠶᠢᠴᠠᠭᠠᠬᠤ ᠶᠢ ᠬᠠᠷᠢᠭᠤᠴᠠᠨ᠎ᠠ᠃ ᠲᠦᠪᠡᠭ ᠪᠤᠳᠤᠯᠢᠶᠠᠨᠲᠠᠶ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠱᠠᠭᠠᠷᠳᠠᠨ ᠪᠠᠶᠢᠴᠠᠭᠠᠵᠤ ᠱᠠᠭᠠᠷᠳᠠᠨ ᠰᠢᠢᠳᠪᠦᠷᠢᠯᠡᠭᠦᠯᠦᠨ᠎ᠡ᠃ ᠣᠨᠴᠠᠭᠠᠶ ᠬᠦᠴᠢᠷ ᠲᠦᠪᠡᠭᠲᠡᠶ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ ᠪᠡᠯᠡ ᠮᠥᠩᠭᠦ ᠶᠢ ᠬᠠᠮᠢᠶᠠᠷᠤᠨ ᠬᠡᠷᠡᠭᠯᠡᠬᠦ ᠶᠢᠨ ᠬᠠᠮᠲᠤ ᠵᠣᠬᠢᠴᠠᠭᠤᠯᠤᠨ ᠵᠢᠯᠣᠭᠤᠳᠬᠤ ᠠᠵᠢᠯ ᠢ ᠰᠠᠶᠢᠲᠤᠷ ᠬᠢᠨ᠎ᠡ᠃ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠢ ᠵᠢᠭᠰᠠᠭᠠᠨ ᠪᠠᠶᠢᠴᠠᠭᠠᠵᠤ ᠠᠷᠢᠯᠭᠠᠬᠤ ᠲᠥᠰᠦᠯ ᠢ ᠲᠣᠭᠲᠠᠭᠠᠬᠤ᠂ ᠰᠢᠮᠳᠠᠭᠤᠯᠤᠨ ᠪᠠᠶᠢᠴᠠᠭᠠᠵᠤ ᠬᠤᠷᠢᠶᠠᠩᠭᠤᠶᠢᠯᠠᠬᠤ ᠠᠵᠢᠯ ᠢ ᠬᠠᠷᠢᠭᠤᠴᠠᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ ᠢ ᠵᠢᠱᠢᠨ ᠵᠠᠳᠠᠯᠵᠤ᠂ ᠶᠡᠷᠦᠩᠬᠡᠶᠢᠯᠡᠨ ᠰᠤᠳᠤᠯᠤᠨ ᠮᠠᠭᠠᠳᠯᠠᠵᠤ᠂ ᠰᠠᠨᠠᠯ ᠪᠠ ᠰᠠᠨᠠᠭᠤᠯᠭ᠎ᠠ ᠳᠤᠷᠠᠳᠤᠨ᠎ᠠ᠃ ︽ᠭᠤᠷᠪᠠ ᠶᠢ ᠠᠯᠤᠰᠯᠠᠵᠤ ᠭᠤᠷᠪᠠ ᠶᠢ ᠰᠠᠯᠭᠠᠬᠤ︾ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠤᠨ ᠬᠠᠷᠢᠭᠤᠴᠠᠯᠭ᠎ᠠ ᠶᠢ ᠬᠤᠪᠢᠶᠠᠷᠢᠯᠠᠬᠤ ᠵᠢᠴᠢ ᠰᠠᠯᠭᠠᠬᠤ ᠠᠵᠢᠯ ᠢ ᠬᠠᠷᠢᠭᠤᠴᠠᠨ᠎ᠠ᠃ ᠠᠵᠢᠯ ᠢᠶᠠᠨ ᠬᠠᠯᠠᠨ ᠰᠠᠶᠢᠵᠢᠷᠠᠭᠤᠯᠬᠤ᠂ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠰᠠᠬᠢᠯᠭ᠎ᠠ ᠪᠠᠲᠤ ᠶᠢ ᠵᠥᠷᠢᠴᠡᠭᠰᠡᠨ ᠬᠠᠷᠢᠭᠤᠴᠠᠯᠭ᠎ᠠ ᠨᠡᠬᠡᠮᠵᠢᠯᠡᠬᠦ ᠰᠠᠨᠠᠯ ᠰᠠᠨᠠᠭᠤᠯᠭ᠎ᠠ ᠲᠤᠷᠠᠳᠤᠨ᠎ᠠ᠃          5. ᠪᠠᠶᠢᠭᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ᠃ ᠪᠠᠶᠢᠭᠤᠯᠭ᠎ᠠ ᠪᠠ ᠬᠠᠷᠢᠶ᠎ᠠ ᠠᠵᠢᠯ ᠦᠢᠯᠡᠰ ᠤᠨ ᠨᠢᠬᠡᠴᠠ ᠶᠢᠨ ᠨᠠᠮ ᠤᠨ ᠪᠠᠶᠢᠭᠤᠯᠤᠯᠲᠠ᠂ ᠰᠠᠬᠢᠯᠭ᠎ᠠ ᠪᠠᠲᠤ ᠪᠠᠶᠢᠴᠠᠭᠠᠬᠤ᠂ ᠤᠯᠠᠨ ᠲᠦᠮᠡᠨ ᠤ ᠪᠦᠯᠬᠦᠮ ᠵᠡᠷᠭᠡ ᠠᠵᠢᠯ ᠢ ᠬᠠᠷᠢᠭᠤᠴᠠᠨ᠎ᠠ᠃          ᠭᠤᠷᠪᠠ᠂ ᠬᠠᠷᠢᠯᠴᠠᠬᠤ ᠠᠷᠭ᠎ᠠ ᠮᠠᠶ᠋ᠢᠭ          ᠠᠵᠢᠯᠯᠠᠬᠤ ᠬᠠᠶ᠋ᠢᠭ᠄ ᠪᠠᠭᠠᠷᠢᠨ ᠪᠠᠷᠠᠭᠤᠨ ᠬᠤᠰᠢᠭᠤᠨ ᠤ  ᠬᠠᠨ ᠱᠠᠨ ᠵᠠᠮ ᠬᠢᠭᠡᠳ ᠪᠸᠢ ᠱᠢ ᠵᠡᠭᠡᠯᠢ ᠶᠢᠨ ᠠᠭᠤᠯᠵᠠᠷ ᠠᠴᠠ ᠵᠡᠭᠦᠨ ᠬᠤᠶᠢᠰᠢ 40 ᠮᠧᠲᠷ᠃          ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ    ᠦᠳᠡ ᠶᠢᠨ ᠡᠮᠦᠨᠡᠬᠢ 8᠄ 30 — 11᠄ 30        ᠦᠳᠡ ᠶᠢᠨ ᠬᠤᠶᠢᠨᠠᠬᠢ 14᠄ 30 — 17᠄ 30           ᠬᠠᠷᠢᠯᠴᠠᠬᠤ ᠤᠲᠠᠰᠤ᠄ 6216380          ᠬᠠᠷᠢᠭᠤᠴᠠᠯᠭᠠᠲᠠᠨ᠄ ᠰᠦᠩ  ᠹᠧᠩ  ᠪᠥᠸᠧ 
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ