| | | ᠨᠢᠭᠡ᠂ ᠭᠤᠤᠯ ᠡᠭᠦᠷᠭᠡ ᠬᠠᠷᠢᠭᠤᠴᠠᠯᠭ᠎ᠠ | 1. ᠪᠥᠬᠦ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠨᠢᠭᠡᠳᠦᠯᠲᠡᠶ ᠲᠥᠯᠥᠪᠯᠡᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠬᠤᠯᠪᠣᠭᠳᠠᠯ | ᠪᠥᠬᠦᠶ ᠲᠦᠷᠢᠮ ᠲᠣᠭᠲᠠᠭᠠᠯ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ᠂ ᠠᠵᠢᠯ ᠤᠨ ᠲᠥᠯᠥᠪᠵᠢᠭᠦᠯᠭᠡ᠂ ᠪᠠᠷᠢᠮᠵᠢᠶ᠎ᠠ ᠶᠢᠨ ᠵᠢᠷᠤᠮᠵᠢᠯ ᠢ ᠲᠤᠭᠤᠷᠪᠢᠨ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | 2᠂ ᠪᠥᠬᠦ ᠬᠤᠰᠢᠭᠤᠨ ᠤ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠦᠷᠢᠮ ᠤᠨ | ᠥᠭᠡᠷᠡᠴᠢᠯᠡᠯᠲᠡ ᠪᠠ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠬᠠᠮᠢᠶ᠎ᠠ ᠪᠥᠬᠦᠶ ᠠᠵᠢᠯ ᠢ ᠡᠭᠦᠷᠭᠡᠯᠡᠵᠦ᠂ ᠴᠢᠬᠤᠯᠠ ᠶᠡᠭᠡ ᠠᠰᠠᠭᠤᠳᠠᠯ ᠳᠤ | ᠪᠠᠶᠢᠴᠠᠭᠠᠨ ᠰᠤᠳᠤᠯᠤᠯᠲᠠ ᠬᠢᠵᠦ᠂ ᠬᠠᠮᠢᠶ᠎ᠠ ᠪᠥᠬᠦᠶ ᠠᠵᠢᠯ ᠤᠨ ᠰᠠᠨᠠᠭᠤᠯᠭ᠎ᠠ ᠳᠤᠷᠠᠳᠤᠨ᠎ᠠ᠃ | 3. ᠪᠥᠬᠦ ᠬᠤᠰᠢᠭᠤᠨ ᠤ ᠵᠠᠰᠠᠭ ᠵᠠᠬᠢᠷᠭᠠᠨ ᠤ ᠡᠷᠬᠡ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ | ᠪᠠᠶᠢᠭᠤᠯᠤᠯᠲᠠ ᠵᠢᠴᠢ ᠬᠡᠷᠡᠭᠯᠡᠯᠲᠡ ᠶᠢ ᠬᠠᠷᠢᠭᠤᠴᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠴᠤᠪᠤᠷᠠᠯ ᠢ ᠴᠣᠮᠬᠠᠳᠬᠠᠨ ᠰᠢᠯᠢᠳᠡᠭᠵᠢᠭᠦᠯᠵᠦ᠂ ᠨᠢᠭᠡᠳᠦᠯᠲᠡᠶ | ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠰᠢᠰᠲ᠋ᠧᠮᠵᠢ ᠶᠢ ᠪᠠᠶᠢᠭᠤᠯᠤᠨ᠎ᠠ᠃ | 4. ᠵᠠᠰᠠᠭ ᠤᠨ ᠣᠷᠳᠣᠨ ᠤ ᠰᠠᠯᠪᠤᠷᠢ ᠶᠢᠨ ᠡᠯᠧᠺᠲᠷᠣᠨ ᠵᠠᠰᠠᠭ ᠤᠨ ᠶᠠᠪᠤᠳᠠᠯ ᠤᠨ ᠨᠠᠷᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠵᠢᠯᠣᠭᠤᠳᠴᠤ᠂ | ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ᠂ ᠡᠮᠬᠢᠯᠡᠨ ᠨᠡᠶᠢᠯᠡᠭᠦᠯᠵᠦ ᠬᠠᠮᠲᠤᠪᠠᠷ ᠭᠥᠷᠳᠡᠬᠦ ᠠᠵᠢᠯ ᠢ ᠠᠬᠢᠭᠤᠯᠤᠨ᠎ᠠ᠃ ᠡᠯᠧᠺᠲᠷᠣᠨ ᠵᠠᠰᠠᠭ ᠤᠨ | ᠶᠠᠪᠤᠳᠠᠯ ᠤᠨ ᠭᠠᠳᠠᠭᠠᠳᠤ ︵ᠲᠤᠰᠬᠠᠶ︶ ᠰᠦᠯᠵᠢᠶ᠎ᠡ ᠶᠢᠨ ᠪᠠᠶᠢᠭᠤᠯᠤᠯᠲᠠ᠂ ᠠᠵᠢᠯᠯᠠᠭᠠᠨ ᠪᠠ ᠬᠠᠮᠢᠶᠠᠷᠤᠯᠲᠠ ᠶᠢ ᠬᠠᠷᠢᠭᠤᠴᠠᠵᠤ᠂ ᠵᠠᠰᠠᠭ ᠤᠨ ᠶᠠᠪᠤᠳᠠᠯ ᠤᠨ | ᠰᠦᠯᠵᠢᠶ᠎ᠡ ᠶᠢ ᠲᠥᠯᠥᠪᠵᠢᠭᠦᠯᠦᠨ ᠬᠠᠮᠢᠶᠠᠷᠴᠤ᠂ ᠪᠥᠬᠦ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ ᠶᠢ ᠤᠯᠤᠰ᠂ ᠥᠪᠡᠷᠲᠡᠭᠡᠨ ᠵᠠᠰᠠᠬᠤ ᠣᠷᠣᠨ᠂ | ᠤᠯᠠᠭᠠᠨᠬᠠᠳᠠ ᠬᠤᠲᠠ ᠶᠢᠨ ᠵᠠᠰᠠᠭ ᠤᠨ ᠶᠠᠪᠤᠳᠠᠯ ᠤᠨ ᠰᠦᠯᠵᠢᠶ᠎ᠡ ᠲᠠᠢ ᠬᠤᠯᠪᠣᠯᠳᠤᠭᠤᠯᠤᠨ ᠨᠡᠪᠲᠡᠷᠡᠯᠴᠡᠭᠦᠯᠬᠦ ᠶᠢ ᠬᠠᠷᠢᠭᠤᠴᠠᠨ᠎ᠠ᠃ | 5᠂ ᠪᠥᠬᠦ ᠬᠤᠰᠢᠭᠤᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ | ᠵᠢᠯᠣᠭᠤᠳᠬᠤ᠂ ᠵᠣᠬᠢᠴᠠᠭᠤᠯᠬᠤ᠂ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ | 6᠂ ᠪᠥᠬᠦ ᠬᠤᠰᠢᠭᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠠᠵᠢᠯ ᠢ ᠵᠢᠯᠣᠭᠤᠳᠴᠤ᠂ ᠵᠣᠬᠢᠴᠠᠭᠤᠯᠵᠤ᠂ ᠬᠢᠨᠠᠯᠲᠠ | ᠲᠠᠯᠪᠢᠬᠤ ᠶᠢ ᠬᠠᠷᠢᠭᠤᠴᠠᠨ᠎ᠠ᠃ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠨᠢᠭᠡᠳᠦᠯᠲᠡᠶ | ᠲᠥᠯᠥᠪᠯᠡᠨ ᠠᠬᠢᠭᠤᠯᠵᠤ᠂ ᠲᠥᠬᠦᠷ ᠳᠦᠷᠢᠮ᠂ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ | ᠭᠠᠷᠴᠠᠭ ᠢ ᠨᠠᠶᠢᠷᠠᠭᠤᠯᠤᠨ ᠵᠤᠬᠢᠶᠠᠨ᠎ᠠ᠃ ᠬᠤᠰᠢᠭᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠠᠮᠢᠶᠠᠷᠤᠯᠲᠠ ᠶᠢᠨ ᠵᠥᠪᠯᠡᠯ ᠤᠨ ᠡᠳᠦᠷ | ᠲᠤᠲᠤᠮ ᠤᠨ ᠠᠵᠢᠯ ᠢ ᠡᠭᠦᠷᠭᠡᠯᠡᠨ᠎ᠡ᠃ | 7᠂ ᠪᠥᠬᠦ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠡᠯᠧᠺᠲᠷᠣᠨ ᠵᠠᠰᠠᠭ ᠤᠨ ᠶᠠᠪᠤᠳᠠᠯ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ | ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠤ ᠪᠠᠶᠢᠭᠤᠯᠤᠯᠲᠠ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠠᠵᠢᠯ ᠤᠨ ᠡᠳᠦᠷ ᠲᠤᠲᠤᠮ ᠤᠨ | ᠬᠢᠨᠠᠯᠲᠠ ᠬᠠᠮᠢᠶᠠᠷᠤᠯᠲᠠ ᠪᠠ ᠣᠨ ᠤ ᠬᠢᠨᠠᠨ ᠰᠢᠯᠭᠠᠬᠤ ᠠᠵᠢᠯ ᠢ ᠬᠠᠷᠢᠭᠤᠴᠠᠵᠤ᠂ ᠬᠠᠮᠢᠶ᠎ᠠ ᠪᠥᠬᠦᠶ ᠯᠠᠪᠯᠠᠭ᠎ᠠ᠂ ᠵᠠᠭᠠᠯᠳᠤᠯᠭ᠎ᠠ᠂ ᠰᠠᠨᠠᠭᠤᠯᠭ᠎ᠠ ᠶᠢ ᠭᠥᠯᠢᠶᠡᠨ ᠠᠪᠴᠤ | ᠰᠢᠢᠳᠪᠦᠷᠢᠯᠡᠨ᠎ᠡ᠃ | 8᠂ ᠪᠥᠬᠦ ᠬᠤᠰᠢᠭᠤᠨ ᠤ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠵᠣᠬᠢᠶᠠᠨ ᠪᠠᠶᠢᠭᠤᠯᠤᠯᠲᠠ ᠶᠢᠨ | ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢᠨ ᠬᠡᠷᠡᠭᠯᠡᠯᠲᠡ ᠶᠢ ᠳᠥᠯᠭᠢᠨ ᠠᠬᠢᠭᠤᠯᠵᠤ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠡᠯᠧᠺᠲᠷᠣᠨ ᠬᠢᠨᠠᠨ ᠪᠠᠶᠢᠴᠠᠭᠠᠯᠲᠠ ᠶᠢ ᠬᠡᠷᠡᠭᠵᠢᠭᠦᠯᠦᠨ᠎ᠡ᠃ ᠬᠤᠰᠢᠭᠤᠨ ᠤ ᠲᠣᠰ ᠱᠠᠲᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠢᠩᠬᠢᠮ ᠤᠨ ᠠᠵᠢᠯᠯᠠᠭᠠᠨ ᠢ ᠵᠢᠯᠣᠭᠤᠳᠴᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠭᠦᠢᠴᠡᠳᠬᠡᠬᠦ ᠶᠢ ᠵᠣᠬᠢᠶᠠᠨ ᠪᠠᠶᠢᠭᠤᠯᠤᠨ | ᠵᠣᠬᠢᠴᠠᠭᠤᠯᠵᠤ᠂ ᠬᠢᠨᠠᠨ ᠬᠠᠮᠢᠶᠠᠷᠴᠤ᠂ ᠦᠢᠯᠡᠴᠢᠯᠡᠭᠡᠨ ᠤ ᠶᠠᠰᠤ ᠴᠢᠨᠠᠷ ᠢ ᠦᠨᠡᠯᠡᠨ ᠵᠢᠱᠢᠬᠦ ᠠᠵᠢᠯ ᠢ ᠥᠷᠨᠢᠭᠦᠯᠦᠨ᠎ᠡ᠃ | 9. ᠲᠣᠰ ᠠᠵᠢᠯ ᠲᠥᠷᠥᠯ᠂ ᠲᠣᠰ ᠰᠠᠯᠠᠭ᠎ᠠ ᠮᠥᠴᠢᠷ ᠤᠨ ᠢᠶᠠᠨ ᠠᠶᠣᠯᠭᠦᠢ ᠦᠢᠯᠡᠳᠪᠦᠷᠢᠯᠡᠯ ᠤᠨ ᠬᠠᠮᠢᠶ᠎ᠠ ᠪᠥᠬᠦᠶ ᠡᠭᠦᠷᠭᠡ ᠬᠠᠷᠢᠭᠤᠴᠠᠯᠭ᠎ᠠ ᠶᠢ | ᠭᠦᠢᠴᠡᠳᠬᠡᠨ᠎ᠡ᠃ | 10᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | ᠬᠤᠶᠠᠷ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ | 1. ᠠᠯᠪᠠᠨ ᠬᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠳᠣᠲᠣᠭᠠᠳᠤ | ᠬᠠᠮᠢᠶᠠᠷᠤᠯᠲᠠ ᠶᠢᠨ ᠳᠦᠷᠢᠮ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠯᠪᠠᠨ ᠪᠢᠴᠢᠭ ᠰᠢᠢᠳᠪᠦᠷᠢᠯᠡᠬᠦ᠂ ᠬᠤᠷᠠᠯ ᠵᠣᠬᠢᠶᠠᠨ | ᠪᠠᠶᠢᠭᠤᠯᠬᠤ᠂ ᠺᠠᠳ᠋ᠷ ᠠᠵᠢᠯᠲᠠᠨ ᠤ ᠶᠠᠪᠤᠳᠠᠯ᠂ ᠡᠳ᠋ ᠤᠨ ᠶᠠᠪᠤᠳᠠᠯ ᠤᠨ ᠬᠠᠮᠢᠶᠠᠷᠤᠯᠲᠠ᠂ ᠪᠢᠴᠢᠭ ᠬᠠᠷ᠎ᠠ ᠳᠠᠩᠰᠠ ᠡᠪᠬᠡᠮᠡᠯ᠂ ᠨᠢᠭᠤᠴᠠ ᠴᠢᠬᠤᠯᠠ ᠨᠢᠭᠤᠴᠠ ᠶᠢ | ᠬᠠᠮᠠᠭᠠᠯᠠᠬᠤ᠂ ᠮᠡᠳᠡᠭᠡ ᠵᠠᠩᠭᠢ ᠶᠢᠨ ᠤᠬᠠᠭᠤᠯᠭ᠎ᠠ᠂ ᠠᠷᠤ ᠲᠠᠯ᠎ᠠ ᠶᠢᠨ ᠪᠠᠲᠤᠯᠠᠭ᠎ᠠ ᠵᠡᠷᠭᠡ ᠠᠵᠢᠯ ᠢ ᠡᠭᠦᠷᠭᠡᠯᠡᠨ᠎ᠡ᠃ | 2. ᠵᠠᠰᠠᠭ ᠤᠨ ᠶᠠᠪᠤᠳᠠᠯ ᠤᠨ ᠬᠢᠨᠠᠯᠲᠠ ᠬᠠᠮᠢᠶᠠᠷᠤᠯᠲᠠ ᠶᠢᠨ ᠲᠠᠰᠤᠭ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠥᠭᠡᠷᠡᠴᠢᠯᠡᠯᠲᠡ ᠪᠠ ︽ | ᠪᠠᠭᠤᠯᠭᠠᠬᠤ ᠬᠠᠮᠢᠶᠠᠷᠬᠤ ᠦᠶ᠋ᠯᠡᠴᠢᠯᠡᠬᠦ︾ ᠥᠭᠡᠷᠡᠴᠢᠯᠡᠯᠲᠡ ᠶᠢᠨ ᠠᠵᠢᠯ ᠢ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠪᠥᠬᠦ ᠬᠤᠰᠢᠭᠤᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡ | ᠠᠵᠢᠯᠯᠠᠭ᠎ᠠ ᠶᠢ ᠵᠢᠷᠤᠮᠵᠢᠭᠤᠯᠬᠤ ᠶᠢ ᠬᠠᠷᠢᠭᠤᠴᠠᠵᠤ᠂ ᠬᠢᠨᠠᠨ ᠵᠥᠪᠰᠢᠶᠡᠷᠡᠬᠦ ᠴᠤᠪᠤᠷᠠᠯ ᠢ ᠴᠣᠮᠬᠠᠳᠬᠠᠨ ᠰᠢᠯᠢᠳᠡᠭᠵᠢᠭᠦᠯᠵᠦ᠂ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠵᠦᠶ᠋ᠯᠡᠰ ᠢ ᠪᠠᠷᠢᠮᠵᠢᠶᠠᠵᠢᠭᠤᠯᠬᠤ ᠪᠠ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠪᠠᠶᠢᠭᠤᠯᠤᠯᠲᠠ ᠵᠢᠴᠢ ᠬᠡᠷᠡᠭᠯᠡᠭᠡᠨ ᠢ | ᠠᠬᠢᠭᠤᠯᠤᠨ᠎ᠠ᠃ ᠰᠠᠭᠤᠷᠢ ᠨᠠᠷᠢᠨ ᠬᠠᠭᠤᠳᠠᠰᠤ ᠶᠢᠨ ᠲᠦᠷᠢᠮ ᠤᠨ ᠪᠠᠶᠢᠭᠤᠯᠤᠯᠲᠠ ᠪᠠ ᠪᠠᠷᠢᠮᠵᠢᠶᠠᠵᠢᠭᠤᠯᠤᠯᠲᠠ ᠶᠢᠨ ᠠᠵᠢᠯ ᠢ ᠵᠣᠬᠢᠴᠠᠩᠭᠤᠶ ᠪᠠᠷ ᠲᠦᠯᠬᠢᠨ | ᠠᠬᠢᠭᠤᠯᠤᠨ᠎ᠠ᠃ ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ ᠵᠢᠴᠢ ᠡᠯ᠎ᠡ ᠰᠠᠯᠠᠭ᠎ᠠ ᠮᠥᠴᠢᠷ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠ | ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠨᠠᠶᠢᠳᠠᠪᠤᠷᠢᠵᠢᠭᠤᠯᠬᠤ ᠶᠢ ᠵᠢᠯᠣᠭᠤᠳᠬᠤ᠂ ᠵᠣᠬᠢᠴᠠᠭᠤᠯᠬᠤ᠂ ᠬᠢᠨᠠᠯᠲᠠ ᠲᠠᠯᠪᠢᠨ᠎ᠠ᠃ ᠬᠤᠳᠠᠯᠳᠤᠭ᠎ᠠ ᠡᠵᠡᠩᠨᠡᠬᠦ | ᠣᠷᠴᠢᠨ ᠨᠥᠬᠦᠴᠡᠯ ᠤᠨ ᠪᠠᠶᠢᠭᠤᠯᠤᠯᠲᠠ ᠶᠢᠨ ᠠᠵᠢᠯ ᠢ ᠨᠢᠭᠡᠳᠦᠯᠲᠡᠶ ᠲᠥᠯᠥᠪᠯᠡᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠬᠤᠯᠪᠣᠭᠳᠠᠯ ᠪᠦᠬᠦᠢ | ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠬᠤ ᠶᠢᠨ ᠬᠠᠮᠲᠤ ᠲᠡᠭᠦᠨ ᠳᠤ ᠬᠢᠨᠠᠯᠲᠠ ᠲᠠᠯᠪᠢᠵᠤ ᠰᠢᠯᠢᠳᠡᠭᠵᠢᠭᠦᠯᠦᠨ᠎ᠡ᠃ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠵᠡᠷᠭᠡ ᠠᠵᠢᠯ ᠤᠨ ᠰᠢᠯᠭᠠᠨ ᠬᠢᠨᠠᠵᠤ ᠦᠨᠡᠯᠡᠬᠦ ᠪᠠ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠬᠦᠴᠦᠨ ᠴᠢᠳᠠᠪᠤᠷᠢ ᠶᠢ ᠬᠢᠨᠠᠨ | ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠬᠠᠷᠢᠭᠤᠴᠠᠨ᠂ | ᠬᠤᠯᠪᠣᠭᠳᠠᠯ ᠪᠥᠬᠦᠶ ᠵᠠᠭᠠᠯᠳᠤᠬᠤ᠂ ᠢᠯᠡᠴᠢᠯᠡᠨ ᠮᠡᠳᠡᠭᠦᠯᠬᠦ ᠶᠢ ᠭᠥᠯᠢᠶᠡᠨ ᠠᠪᠴᠤ ᠰᠡᠢᠳᠪᠦᠷᠢᠯᠡᠬᠦ ᠶᠢᠨ ᠬᠠᠮᠲᠤ ᠵᠣᠬᠢᠴᠠᠭᠤᠯᠤᠨ ᠰᠢᠢᠳᠪᠦᠷᠢᠯᠡᠨ᠎ᠡ᠃ ᠪᠥᠬᠦ | ᠬᠤᠰᠢᠭᠤᠨ ᠤ ᠵᠠᠰᠠᠭ ᠤᠨ ᠣᠷᠳᠣᠨ ᠤ ᠰᠢᠰᠲ᠋ᠧᠮ ᠤᠨ ᠡᠯᠧᠺᠲᠷᠣᠨ ᠵᠠᠰᠠᠭ ᠤᠨ ᠶᠠᠪᠤᠳᠠᠯ ᠤᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠵᠦ᠂ ᠵᠠᠰᠠᠭ ᠤᠨ | ᠶᠠᠪᠤᠳᠠᠯ ᠤᠨ ᠮᠡᠳᠡᠭᠡ ᠵᠠᠩᠭᠢ ᠶᠢᠨ ᠡᠬᠢ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠪᠠ ᠬᠤᠰᠢᠭᠤᠨ ᠵᠠᠰᠠᠭ ᠤᠨ ᠣᠷᠳᠣᠨ ᠤ ᠰᠢᠰᠲ᠋ᠧᠮ ᠤᠨ | ᠡᠯᠧᠺᠲᠷᠣᠨ ᠵᠠᠰᠠᠭ ᠤᠨ ᠶᠠᠪᠤᠳᠠᠯ ᠤᠨ ᠲᠤᠰᠬᠠᠶ ᠰᠦᠯᠵᠢᠶ᠎ᠡ ᠶᠢᠨ ᠪᠠᠶᠢᠭᠤᠯᠤᠯᠲᠠ ᠠᠵᠢᠯᠯᠠᠭᠠᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠪᠥᠬᠦ | ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ ᠬᠢᠭᠡᠳ ᠤᠯᠤᠰ᠂ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ᠵᠠᠰᠠᠭ ᠤᠨ ᠶᠠᠪᠤᠳᠠᠯ ᠤᠨ | ᠰᠦᠯᠵᠢᠶ᠎ᠡ ᠶᠢᠨ ᠬᠤᠯᠪᠣᠯᠳᠤᠨ ᠨᠡᠪᠲᠡᠷᠡᠯᠴᠡᠬᠦ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠪᠥᠬᠦ ᠬᠤᠰᠢᠭᠤᠨ ᠤ ︽ᠢᠨᠲ᠋ᠧᠷ ᠰᠦᠯᠵᠢᠶ᠎ᠡ + | ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ︽ᠢᠨᠲ᠋ᠧᠷ ᠰᠦᠯᠵᠢᠶ᠎ᠡ + ᠬᠢᠨᠠᠯᠲᠠ | ᠬᠠᠮᠢᠶᠠᠷᠤᠯᠲᠠ︾ ᠶᠢᠨ ᠬᠡᠷᠡᠭᠯᠡᠯᠲᠡ ᠶᠢ ᠠᠬᠢᠭᠤᠯᠤᠨ᠎ᠠ᠃ ᠪᠠᠶᠢᠭᠤᠯᠭ᠎ᠠ ᠶᠢᠨ ᠡᠯ᠎ᠡ ᠲᠥᠷᠥᠯ ᠤᠨ ᠲᠤᠬᠠᠶᠢᠯᠠᠭᠰᠠᠨ ᠠᠵᠢᠯ ᠤᠨ ᠰᠢᠰᠲ᠋ᠧᠮ ᠢ ᠨᠡᠭᠡᠭᠡᠨ ᠬᠥᠭᠵᠢᠭᠦᠯᠵᠦ | ᠪᠥᠲᠥᠭᠡᠨ ᠪᠠᠶᠢᠭᠤᠯᠬᠤ ᠪᠠ ᠡᠯᠧᠺᠲᠷᠣᠨ ᠮᠠᠲ᠋ᠧᠷᠢᠶᠠᠯ ᠤᠨ ᠪᠡᠯᠡᠳᠬᠡᠯ ᠠᠵᠢᠯ ᠢ ᠬᠠᠷᠢᠭᠤᠴᠠᠨ᠎ᠠ᠃ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ | ᠠᠵᠢᠯ ᠢ ᠵᠣᠬᠢᠴᠠᠭᠤᠯᠬᠤ᠂ ᠵᠢᠯᠣᠭᠤᠳᠬᠤ᠂ ᠬᠢᠨᠠᠨ ᠬᠠᠮᠢᠶᠠᠷᠬᠤ ᠶᠢ ᠬᠠᠷᠢᠭᠤᠴᠠᠨ᠎ᠠ᠃ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠭᠠᠷᠴᠠᠭ ᠤᠨ | ᠲᠥᠰᠦᠯ ᠵᠢᠴᠢ ᠬᠤᠯᠪᠣᠭᠳᠠᠯ ᠪᠥᠬᠦᠶ ᠢᠵᠢ ᠪᠥᠷᠢᠳᠦᠭᠦᠯᠬᠦ ᠪᠢᠴᠢᠭ ᠮᠠᠲ᠋ᠧᠷᠢᠶᠠᠯ ᠢ ᠲᠤᠭᠤᠷᠪᠢᠬᠤ ᠳᠤ ᠣᠷᠣᠯᠴᠠᠨ᠎ᠠ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ | ᠬᠠᠮᠲᠤᠷᠠᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠠᠵᠢᠯᠯᠠᠭ᠎ᠠ ᠳᠤ ᠣᠷᠣᠯᠴᠠᠭᠰᠠᠨ ᠳᠠᠭᠠᠭᠠᠴᠢᠯᠠᠯᠲᠠ ᠰᠢᠯᠭᠠᠷᠠᠭᠤᠯᠬᠤ᠂ ᠬᠢᠨᠠᠨ ᠲᠣᠭᠲᠠᠭᠠᠬᠤ | ᠲᠤᠰᠬᠠᠶ ᠮᠡᠷᠭᠡᠵᠢᠯᠲᠡᠳ ᠲᠤ ᠬᠢᠨᠠᠯᠲᠠ ᠬᠠᠮᠢᠶᠠᠷᠤᠯᠲᠠ ᠶᠠᠪᠤᠭᠤᠯᠵᠤ᠂ ᠬᠠᠮᠲᠤᠷᠠᠨ ᠰᠢᠳᠬᠡᠬᠦ ᠲᠣᠭᠲᠠᠴᠠ ᠶᠢ ᠪᠠᠶᠢᠭᠤᠯᠤᠨ᠎ᠠ᠃ ᠪᠥᠬᠦ ᠬᠤᠰᠢᠭᠤᠨ ᠤ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠨ ᠰᠢᠯᠭᠠᠵᠤ ᠦᠨᠡᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠮᠢᠶ᠎ᠠ ᠪᠥᠬᠦᠶ ᠵᠠᠭᠠᠯᠳᠤᠯᠭ᠎ᠠ ᠶᠢ | ᠭᠥᠯᠢᠶᠡᠨ ᠠᠪᠴᠤ ᠰᠢᠢᠳᠪᠦᠷᠢᠯᠡᠬᠦ ᠶᠢᠨ ᠬᠠᠮᠲᠤ ᠪᠠᠶᠢᠴᠠᠭᠠᠨ ᠰᠢᠢᠳᠪᠦᠷᠢᠯᠡᠬᠦ ᠳᠤ ᠬᠠᠮᠵᠢᠯᠴᠠᠨ᠎ᠠ᠃ | ᠪᠠᠶᠢᠭᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ᠃ ᠪᠠᠶᠢᠭᠤᠯᠭ᠎ᠠ ᠪᠠ ᠬᠠᠷᠢᠶ᠎ᠠ ᠠᠵᠢᠯ ᠦᠢᠯᠡᠰ ᠤᠨ ᠨᠢᠭᠡᠴᠠ ᠶᠢᠨ ᠨᠠᠮ ᠤᠨ ᠪᠠᠶᠢᠭᠤᠯᠤᠯᠲᠠ᠂ | ᠰᠠᠬᠢᠯᠭ᠎ᠠ ᠪᠠᠲᠤ ᠪᠠᠶᠢᠴᠠᠭᠠᠬᠤ᠂ ᠤᠯᠠᠨ ᠲᠦᠮᠡᠨ ᠤ ᠪᠦᠯᠬᠦᠮ ᠵᠡᠷᠭᠡ ᠠᠵᠢᠯ ᠢ ᠬᠠᠷᠢᠭᠤᠴᠠᠨ᠎ᠠ᠃ | ᠭᠤᠷᠪᠠ᠂ ᠬᠠᠷᠢᠯᠴᠠᠬᠤ ᠠᠷᠭ᠎ᠠ ᠮᠠᠶ᠋ᠢᠭ | ᠠᠵᠢᠯᠯᠠᠬᠤ ᠬᠠᠶ᠋ᠢᠭ᠄ ᠪᠠᠭᠠᠷᠢᠨ ᠪᠠᠷᠠᠭᠤᠨ ᠬᠤᠰᠢᠭᠤᠨ ᠤ ᠳ᠋ᠠᠪᠠᠨ ᠪᠠᠯᠭᠠᠰᠤᠨ ᠤ ᠴᠠᠭᠠᠨᠮᠦ᠋ᠷᠡᠨ ᠵᠡᠭᠡᠯᠢ ᠶᠢᠨ 125 ᠳ᠋ᠤᠭᠠᠷ ᠨᠣᠮᠧᠷ | ᠠᠵᠢᠯᠯᠠᠬᠤ ᠴᠠᠭ᠄ ᠦᠳᠡ ᠶᠢᠨ ᠡᠮᠦᠨᠡᠬᠢ 8᠄ 30 — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ | ᠲᠣᠭᠲᠠᠭᠠᠭᠰᠠᠨ ᠠᠵᠢᠯᠯᠠᠬᠤ ᠡᠳᠦᠷ︶ | ᠬᠠᠷᠢᠯᠴᠠᠬᠤ ᠤᠲᠠᠰᠤ᠄ 0476 — 6223200 | ᠬᠠᠷᠢᠭᠤᠴᠠᠯᠭᠠᠲᠠᠨ᠄ ᠸᠠᠩ ᠸᠧᠶ ᠭᠦᠸᠧ | | | |