| | | ᠨᠢᠭᠡᠳᠦᠭᠡᠷ ᠵᠦᠢᠯ᠄ ᠭᠠᠵᠠᠷ ᠤᠨ ᠨᠡᠷᠡᠰ ᠤᠨ ᠬᠠᠮᠢᠶᠠᠷᠤᠯᠲᠠ ᠶᠢ ᠴᠢᠩᠭᠠᠳᠬᠠᠨ ᠵᠢᠷᠤᠮᠵᠢᠭᠤᠯᠵᠤ᠂ ᠠᠵᠤ ᠠᠬᠤᠢ ᠨᠡᠶᠢᠬᠡᠮ ᠤᠨ ᠬᠥᠭᠵᠢᠯᠲᠡ᠂ | ᠠᠷᠠᠳ ᠤᠨ ᠠᠮᠢᠳᠤᠷᠠᠯ ᠪᠠ ᠤᠯᠠᠨ ᠤᠯᠤᠰ ᠤᠨ ᠬᠠᠷᠢᠯᠴᠠᠭᠠᠨ ᠤ ᠬᠡᠷᠡᠭᠴᠡᠭᠡ ᠳᠤ ᠵᠣᠬᠢᠴᠠᠭᠤᠯᠤᠨ᠂ ᠳᠤᠮᠳᠠᠳᠤ ᠶᠢᠨ ᠰᠢᠯᠢᠳᠡᠭ ᠰᠣᠶᠣᠯ ᠢ ᠤᠯᠠᠮᠵᠢᠯᠠᠨ | ᠬᠥᠭᠵᠢᠭᠦᠯᠬᠦ ᠶᠢᠨ ᠲᠥᠯᠥᠭᠡ ᠲᠤᠰ ᠳᠦᠷᠢᠮ ᠢ ᠲᠣᠭᠲᠠᠭᠠᠪᠠ᠃ | ᠬᠤᠶᠠᠳᠤᠭᠠᠷ ᠵᠦᠢᠯ᠄ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠶᠢᠨ ᠳᠣᠲᠣᠷᠠᠬᠢ ᠭᠠᠵᠠᠷ ᠤᠨ ᠨᠡᠷᠡᠰ ᠢ ᠨᠡᠷᠡᠶᠢᠳᠬᠦ᠂ ᠬᠠᠯᠠᠬᠤ | ᠂ ᠬᠡᠷᠡᠭᠯᠡᠬᠦ᠂ ᠰᠣᠶᠣᠯ ᠤᠨ ᠬᠠᠮᠠᠭᠠᠯᠠᠯᠲᠠ ᠪᠠ ᠬᠠᠮᠢᠶ᠎ᠠ ᠪᠦᠬᠦᠢ ᠬᠠᠮᠢᠶᠠᠷᠤᠯᠲᠠ ᠶᠢᠨ ᠠᠵᠢᠯᠯᠠᠭ᠎ᠠ ᠳᠤ ᠲᠣᠰ ᠳᠦᠷᠢᠮ ᠢ ᠬᠡᠷᠡᠭᠯᠡᠨ᠎ᠡ᠃ | ᠭᠤᠷᠪᠠᠳᠤᠭᠠᠷ ᠵᠦᠢᠯ᠄ ᠲᠤᠰ ᠳᠦᠷᠢᠮ ᠳᠤ ᠬᠡᠯᠡᠵᠦ ᠪᠠᠶᠢᠭ᠎ᠠ ᠭᠠᠵᠠᠷ ᠤᠨ ᠨᠡᠷᠡᠰ ᠲᠤ ᠲᠠᠷᠠᠭᠠᠬᠢ ᠵᠦᠢᠯ ᠪᠠᠭᠲᠠᠨ᠎ᠠ᠄ | ︵ᠨᠢᠭᠡ︶ ᠪᠠᠶᠢᠭᠠᠯᠢ ᠶᠢᠨ ᠭᠠᠵᠠᠷ ᠵᠦᠢ ᠶᠢᠨ ᠪᠣᠳᠠᠲᠤ ᠴᠣᠭᠴᠠ ᠶᠢᠨ ᠨᠡᠷᠡᠶᠢᠳᠦᠯ᠃ | ︵ᠬᠤᠶᠠᠷ︶ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠨᠡᠷᠡᠶᠢᠳᠦᠯ᠃ | ︵ᠭᠤᠷᠪᠠ︶ ᠭᠠᠴᠠᠭᠠᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠤᠨ ᠪᠠᠶᠢᠭ᠎ᠠ ᠭᠠᠵᠠᠷ ᠤᠨ ᠨᠡᠷᠡᠶᠢᠳᠦᠯ᠃ | ︵ᠳᠥᠷᠪᠡ︶ ᠬᠤᠳᠠ ᠳᠤ ᠬᠢ ᠴᠡᠴᠡᠷᠯᠢᠭ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠨᠡᠷᠡᠶᠢᠳᠦᠯ᠃ | ︵ᠲᠠᠪᠤ︶ ᠵᠡᠭᠡᠯᠢ ᠭᠤᠳᠤᠮᠵᠢ ᠶᠢᠨ ᠨᠡᠷᠡᠶᠢᠳᠦᠯ᠃ | ︵ᠵᠢᠷᠭᠤᠭ᠎ᠠ︶ ᠴᠢᠬᠤᠯᠠ ᠭᠠᠵᠠᠷ ᠵᠦᠢ ᠶᠢᠨ ᠣᠷᠣᠨ ᠪᠠᠶᠢᠷᠢ ᠶᠢᠨ ᠠᠴᠢ ᠬᠤᠯᠪᠣᠭᠳᠠᠯ ᠲᠠᠢ ᠬᠤᠷᠢᠶᠠᠯᠠᠯ᠂ ᠠᠰᠠᠷ ᠪᠠᠷᠢᠯᠭ᠎ᠠ ᠶᠢᠨ ᠨᠡᠷᠡᠶᠢᠳᠦᠯ᠃ | ︵ᠲᠤᠯᠤᠭ᠎ᠠ︶ ᠴᠢᠬᠤᠯᠠ ᠭᠠᠵᠠᠷ ᠵᠦᠢ ᠶᠢᠨ ᠣᠷᠣᠨ ᠪᠠᠶᠢᠷᠢ ᠶᠢᠨ ᠠᠴᠢ ᠬᠤᠯᠪᠣᠭᠳᠠᠯ ᠲᠠᠢ ᠵᠠᠮ ᠲᠡᠭᠡᠭᠡᠪᠦᠷᠢ᠂ ᠤᠰᠤᠨ ᠠᠰᠢᠭᠯᠠᠯᠲᠠ᠂ | ᠴᠠᠬᠢᠯᠭᠠᠨ ᠬᠦᠴᠦ᠂ ᠮᠡᠳᠡᠭᠡ ᠬᠤᠯᠪᠣᠭ᠎ᠠ᠂ ᠴᠠᠭ ᠠᠭᠤᠷ ᠤᠨ ᠲᠥᠬᠦᠭᠡᠷᠦᠮᠵᠢ ᠶᠢᠨ ᠨᠡᠷᠡᠶᠢᠳᠦᠯ᠃ | ︵ᠨᠠᠢᠮᠠ︶ ᠭᠠᠵᠠᠷ ᠵᠦᠢ ᠶᠢᠨ ᠴᠢᠬᠤᠯᠠ ᠣᠷᠣᠨ ᠪᠠᠶᠢᠷᠢ ᠶᠢᠨ ᠠᠴᠢ ᠬᠤᠯᠪᠣᠭᠳᠠᠯ ᠲᠠᠢ ᠪᠤᠰᠤᠳ ᠭᠠᠵᠠᠷ ᠵᠦᠢ ᠶᠢᠨ ᠪᠣᠳᠠᠲᠤ ᠴᠣᠭᠴᠠ ᠶᠢᠨ | ᠨᠡᠷᠡᠶᠢᠳᠦᠯ᠃ | ᠳᠥᠷᠪᠡᠳᠦᠭᠡᠷ ᠵᠦᠢᠯ᠄ ᠭᠠᠵᠠᠷ ᠤᠨ ᠨᠡᠷᠡᠰ ᠤᠨ ᠬᠠᠮᠢᠶᠠᠷᠤᠯᠲᠠ ᠳᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠬᠡᠷᠡᠭᠲᠡᠢ᠃ | ᠰᠢᠶᠠᠨ ᠤ ᠱᠠᠲᠤᠨ ᠠᠴᠠ ᠳᠡᠭᠡᠭᠰᠢᠬᠢ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠢ ᠨᠡᠷᠡᠶᠢᠳᠬᠦ᠂ ᠬᠠᠯᠠᠬᠤ᠂ ᠭᠠᠵᠠᠷ ᠤᠨ ᠨᠡᠷ᠎ᠡ ᠶᠢ ᠨᠡᠷᠡᠶᠢᠳᠬᠦ᠂ ᠬᠠᠯᠠᠬᠤ᠂ | ᠬᠡᠷᠡᠭᠯᠡᠬᠦ ᠨᠢ ᠤᠯᠤᠰ ᠤᠨ ᠨᠤᠲᠤᠭ ᠳᠡᠪᠢᠰᠬᠡᠷ ᠤᠨ ᠡᠷᠬᠡ ᠮᠡᠳᠡᠯ᠂ ᠠᠮᠤᠷ ᠲᠦᠪᠰᠢᠨ᠂ ᠭᠠᠳᠠᠭᠠᠳᠤ ᠬᠠᠷᠢᠯᠴᠠᠭ᠎ᠠ᠂ ᠤᠯᠤᠰ ᠤᠨ ᠪᠠᠲᠤᠯᠠᠨ ᠬᠠᠮᠠᠭᠠᠯᠠᠯᠲᠠ ᠵᠡᠷᠭᠡ | ᠴᠢᠬᠤᠯᠠ ᠶᠡᠭᠡ ᠬᠡᠷᠡᠭ ᠶᠠᠪᠤᠳᠠᠯ ᠳᠤ ᠬᠤᠯᠪᠤᠬᠳᠠᠪᠠᠯ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠨᠠᠮ ᠤᠨ ᠲᠥᠪ ᠬᠤᠷᠢᠶ᠎ᠠ ᠳᠤ ᠮᠡᠳᠡᠭᠦᠯᠬᠦ ᠬᠡᠷᠡᠭᠲᠡᠢ᠃ | ᠭᠠᠵᠠᠷ ᠤᠨ ᠨᠡᠷᠡᠰ ᠤᠨ ᠬᠠᠮᠢᠶᠠᠷᠤᠯᠲᠠ ᠨᠢ ᠤᠯᠤᠰ ᠤᠨ ᠡᠷᠬᠡ ᠮᠡᠳᠡᠯ ᠪᠠ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠳᠤ ᠠᠰᠢᠭᠲᠠᠢ᠂ ᠨᠡᠶᠢᠭᠡᠮ | ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠠᠳᠠᠷᠠᠭᠤᠯᠬᠤ ᠳᠤ ᠠᠰᠢᠭᠲᠠᠢ᠂ ᠤᠯᠤᠰ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ | ᠣᠳᠣᠬᠢᠴᠢᠯᠠᠯᠲᠠ ᠶᠢ ᠠᠬᠢᠭᠤᠯᠬᠤ ᠳᠤ ᠠᠰᠢᠭᠲᠠᠢ᠂ ᠳᠤᠮᠳᠠᠳᠤ ᠶᠢᠨ ᠰᠢᠯᠢᠳᠡᠭ ᠰᠣᠶᠣᠯ ᠢ ᠤᠯᠠᠮᠵᠢᠯᠠᠨ ᠬᠥᠭᠵᠢᠭᠦᠯᠬᠦ ᠳᠤ ᠠᠰᠢᠭᠲᠠᠢ ᠪᠠᠶᠢᠬᠤ ᠬᠡᠷᠡᠭᠲᠡᠢ᠃ | ᠭᠠᠵᠠᠷ ᠤᠨ ᠨᠡᠷᠡᠰ ᠢ ᠬᠠᠷᠢᠴᠠᠩᠭᠤᠢ ᠲᠣᠭᠲᠠᠭᠤᠨ ᠪᠠᠶᠢᠯᠭᠠᠬᠤ ᠬᠡᠷᠡᠭᠲᠡᠢ᠃ ᠵᠥᠪᠰᠢᠶᠡᠷᠡᠭᠦᠯᠦᠭᠰᠡᠨ ᠦᠭᠡᠢ ᠪᠣᠯ ᠭᠠᠵᠠᠷ ᠤᠨ ᠨᠡᠷ᠎ᠡ ᠶᠢ ᠨᠡᠷᠡᠶᠢᠳᠬᠦ | ᠪᠠ ᠬᠠᠯᠠᠬᠤ ᠶᠢ ᠶᠠᠮᠠᠷᠪᠠ ᠬᠤᠪᠢ ᠬᠥᠮᠥᠨ ᠳᠤᠷ᠎ᠠ ᠪᠠᠷ ᠢᠶᠠᠨ ᠲᠣᠭᠲᠠᠭᠠᠵᠤ ᠪᠣᠯᠬᠤ ᠦᠭᠡᠢ᠃ | ᠲᠠᠪᠤᠳᠤᠭᠠᠷ ᠵᠦᠢᠯ᠄ ᠭᠠᠵᠠᠷ ᠤᠨ ᠨᠡᠷᠡᠰ ᠢ ᠨᠡᠷᠡᠶᠢᠳᠬᠦ᠂ ᠬᠠᠯᠠᠬᠤ᠂ ᠬᠡᠷᠡᠭᠯᠡᠬᠦ᠂ ᠰᠣᠶᠣᠯ ᠢ ᠬᠠᠮᠠᠭᠠᠯᠠᠬᠤ ᠳᠤ ᠬᠠᠤᠯᠢ ᠴᠠᠭᠠᠵᠠ᠂ ᠵᠠᠰᠠᠭ | ᠵᠠᠬᠢᠷᠭᠠᠨ ᠤ ᠬᠠᠤᠯᠢ ᠲᠣᠭᠲᠠᠭᠠᠯ ᠪᠠ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠢ ᠵᠢᠷᠤᠮᠯᠠᠵᠤ᠂ ᠲᠤᠬᠠᠢ ᠶᠢᠨ ᠭᠠᠵᠠᠷ ᠤᠨ ᠭᠠᠵᠠᠷ ᠵᠦᠢ᠂ ᠲᠡᠦᠬᠡ ᠪᠠ | ᠰᠣᠶᠣᠯ ᠤᠨ ᠣᠨᠴᠠᠯᠢᠭ ᠢ ᠲᠤᠰᠬᠠᠵᠤ᠂ ᠲᠤᠬᠠᠢ ᠶᠢᠨ ᠭᠠᠵᠠᠷ ᠤᠨ ᠤᠯᠠᠨ ᠲᠦᠮᠡᠨ ᠤ ᠬᠦᠰᠡᠯ ᠰᠠᠨᠠᠭ᠎ᠠ ᠶᠢ ᠬᠦᠨᠳᠦᠳᠬᠡᠵᠦ᠂ ᠦᠢᠯᠡᠳᠪᠦᠷᠢᠯᠡᠯ ᠠᠮᠢᠳᠤᠷᠠᠯ ᠳᠤ | ᠲᠦᠬᠦᠮ ᠦᠵᠡᠭᠦᠯᠬᠦ ᠬᠡᠷᠡᠭᠲᠡᠢ᠃ | ᠵᠢᠷᠭᠤᠳᠤᠭᠠᠷ ᠵᠦᠢᠯ᠄ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ | ᠠᠵᠢᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠠᠵᠢᠯ ᠢ ᠵᠢᠯᠤᠭᠤᠳᠴᠤ᠂ | ᠱᠠᠯᠠᠪᠳᠠᠭᠤᠯᠵᠤ᠂ ᠬᠢᠨᠠᠯᠲᠠ ᠲᠠᠯᠪᠢᠬᠤ ᠬᠡᠷᠡᠭᠳᠡᠢ᠃ | ᠳᠣᠯᠣᠳᠤᠭᠠᠷ ᠵᠦᠢᠯ᠄ ᠳᠣᠷᠣ ᠶᠢᠨ ᠶᠠᠪᠤᠳᠠᠯ ᠤᠨ ᠬᠤᠷᠢᠶᠠᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ︵ᠲᠦᠷᠤ ᠶᠢᠨ ᠶᠠᠪᠤᠳᠠᠯ ᠤᠨ | ᠬᠤᠷᠢᠶᠠᠨ ᠤ ᠭᠠᠵᠠᠷ ᠤᠨ ᠨᠡᠷᠡᠰ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ︶ ᠪᠦᠬᠦ ᠤᠯᠤᠰ ᠤᠨ ᠭᠠᠵᠠᠷ ᠤᠨ ᠨᠡᠷᠡᠰ ᠤᠨ ᠠᠵᠢᠯ ᠢ | ᠨᠢᠬᠡᠳᠤᠯᠳᠡᠢ ᠪᠠᠷ ᠬᠢᠨᠠᠨ ᠬᠠᠮᠢᠶᠠᠷᠤᠨ᠎ᠠ᠃ | ᠲᠦᠷᠤ ᠶᠢᠨ ᠶᠠᠪᠤᠳᠠᠯ ᠤᠨ ᠬᠤᠷᠢᠶ᠎ᠠ ᠶᠢᠨ ᠭᠠᠳᠠᠭᠠᠳᠤ ᠬᠠᠷᠢᠯᠴᠠᠭ᠎ᠠ᠂ ᠲᠤᠳᠤᠭᠠᠳᠤ ᠶᠢ ᠬᠠᠮᠠᠭᠠᠯᠠᠬᠤ᠂ ᠪᠠᠶᠢᠭᠠᠯᠢ ᠶᠢᠨ ᠡᠬᠢ ᠪᠠᠶᠠᠯᠢᠭ᠂ ᠤᠷᠤᠨ | ᠰᠠᠭᠤᠴᠨ ᠪᠠ ᠬᠤᠳᠠ ᠬᠦᠳᠡᠭᠡ ᠶᠢᠨ ᠪᠦᠳᠦᠬᠡᠨ ᠪᠠᠶᠢᠭᠤᠯᠤᠯᠳᠠ᠂ ᠵᠠᠮ ᠬᠠᠷᠢᠯᠴᠠᠭ᠎ᠠ ᠲᠡᠬᠡᠬᠡᠪᠤᠷᠢ᠂ ᠤᠰᠤᠨ ᠠᠰᠢᠬᠯᠠᠯᠳᠠ᠂ ᠰᠤᠶᠤᠯ ᠵᠢᠭᠤᠯᠴᠢᠯᠠᠯ᠂ ᠵᠠᠬ᠎ᠠ | ᠲᠡᠯᠬᠡᠬᠦᠷ ᠤᠨ ᠬᠢᠨᠠᠨ ᠬᠠᠮᠢᠶᠠᠷᠤᠯᠳᠠ᠂ ᠤᠢ ᠰᠢᠭᠤᠢ ᠨᠤᠳᠤᠭ ᠪᠡᠯᠴᠢᠬᠡᠷ᠂ ᠦᠬᠡ ᠬᠡᠯᠨ ᠦᠰᠦᠭ ᠪᠢᠴᠢᠭ ᠤᠨ ᠠᠵᠢᠯ᠂ ᠰᠣᠨᠢᠨ ᠮᠡᠳᠡᠭᠡ ᠬᠡᠪᠯᠡᠯ ᠵᠡᠷᠭᠡ ᠪᠤᠰᠤᠳ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠨ ᠬᠠᠮᠢᠶ᠎ᠠ ᠪᠦᠬᠦᠢ ᠭᠠᠵᠠᠷ ᠤᠨ ᠨᠡᠷᠡᠰ ᠤᠨ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠭᠠᠵᠠᠷ ᠤᠨ ᠨᠡᠷᠡᠰ ᠤᠨ ᠵᠠᠰᠠᠭ ᠵᠠᠬᠢᠷᠭᠠᠨ ᠤ | ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠲᠤᠰ ᠵᠠᠰᠠᠭ ᠵᠠᠬᠢᠷᠭᠠᠨ ᠤ ᠣᠷᠣᠨ ᠤ ᠪᠠᠨ ᠭᠠᠵᠷ ᠤᠨ ᠨᠡᠷᠡᠰ ᠤᠨ ᠬᠠᠮᠢᠶᠠᠷᠤᠯᠳᠠ ᠶᠢᠨ ᠠᠵᠢᠯ ᠢ ᠬᠠᠷᠢᠭᠤᠴᠠᠨ᠎ᠠ᠃ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰ | ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠤᠰ ᠵᠠᠰᠠᠭ ᠵᠠᠬᠢᠷᠭᠠᠨ ᠤ | ᠣᠷᠣᠨ ᠤ ᠪᠠᠨ ᠬᠤᠯᠪᠣᠭᠳᠠᠯ ᠪᠦᠬᠦᠢ ᠭᠠᠵᠠᠷ ᠤᠨ ᠭᠠᠵᠠᠷ ᠤᠨ ᠨᠡᠷᠡᠰ ᠤᠨ ᠬᠠᠮᠨᠢᠶᠠᠷᠤᠯᠳᠠ ᠶᠢᠨ ᠠᠵᠢᠯ ᠢ ᠬᠠᠷᠢᠭᠤᠴᠠᠨ᠎ᠠ᠃ | ᠨᠠᠢᠮᠠᠳᠤᠭᠠᠷ ᠵᠦᠢᠯ᠄ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠭᠠᠵᠠᠷ ᠤᠨ ᠨᠡᠷᠡᠰ ᠤᠨ | ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠤᠰ ᠵᠠᠰᠠᠭ ᠵᠠᠬᠢᠷᠭᠠᠨ ᠤ | ᠣᠷᠣᠨ ᠤ ᠪᠠᠨ ᠭᠠᠵᠠᠷ ᠤᠨ ᠨᠡᠷ᠎ᠡ ᠶᠢᠨ ᠲᠥᠰᠥᠯ ᠢ ᠨᠠᠶᠢᠷᠠᠭᠤᠯᠤᠨ ᠵᠣᠬᠢᠶᠠᠵᠤ᠂ ᠲᠤᠰ ᠱᠠᠲᠤᠨ ᠤ ᠠᠷᠠᠳ ᠤᠨ ᠵᠠᠰᠠᠭ ᠤᠨ ᠤᠷᠳᠤᠨ ᠵᠦᠪᠰᠢᠶᠡᠷᠡᠭᠰᠡᠨ ᠤ ᠲᠠᠷᠠᠭ᠎ᠠ | ᠵᠤᠬᠢᠶᠠᠨ ᠪᠠᠶᠢᠭᠤᠯᠤᠨ ᠬᠡᠷᠡᠭᠵᠢᠬᠦᠯᠤᠨ᠎ᠡ᠃ | |