| | ᠠᠷᠪᠠᠨ ᠲᠠᠪᠤᠳᠤᠭᠠᠷ ᠵᠦᠢᠯ ᠭᠠᠵᠠᠷ ᠤᠨ ᠨᠡᠷ᠎ᠡ ᠶᠢ ᠬᠡᠷᠡᠭᠯᠡᠬᠦ ᠳᠡᠭᠡᠨ ᠪᠠᠷᠢᠮᠵᠢᠶ᠎ᠠ᠂ ᠵᠢᠷᠤᠮᠵᠢᠯ ᠲᠠᠢ ᠪᠠᠶᠢᠬᠤ ᠬᠡᠷᠡᠭᠲᠡᠢ᠃ | ᠭᠠᠵᠠᠷ ᠤᠨ ᠨᠡᠷ᠎ᠡ ᠶᠢ ᠷᠣᠮᠠ ᠴᠠᠭᠠᠨ ᠲᠤᠯᠤᠭᠠᠢ ᠪᠠᠷ ᠠᠪᠢᠶᠠᠴᠢᠯᠠᠨ ᠪᠢᠴᠢᠬᠦ ᠳᠤ ︽ᠬᠢᠲᠠᠳ ᠬᠡᠯᠡᠨ ᠤ ᠠᠪᠢᠶ᠎ᠠ ᠲᠡᠮᠳᠡᠭᠯᠡᠬᠦ ᠲᠥᠰᠥᠯ︾ ᠢᠶᠠᠷ | ᠨᠢᠭᠡᠳᠦᠯᠲᠡᠢ ᠵᠢᠷᠤᠮᠵᠢᠯ ᠪᠣᠯᠭᠠᠵᠤ᠂ ᠲᠦᠷᠦ ᠶᠢᠨ ᠶᠠᠪᠤᠳᠠᠯ ᠤᠨ ᠬᠤᠷᠢᠶᠠᠨ ᠤ ᠭᠠᠵᠠᠷ ᠤᠨ ᠨᠡᠷ᠎ᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ | ᠪᠣᠯᠣᠨ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠮᠲᠤᠷᠠᠨ ᠲᠣᠭᠲᠠᠭᠠᠭᠰᠠᠨ ᠳᠦᠷᠢᠮ ᠶᠣᠰᠣᠭᠠᠷ ᠠᠪᠢᠶᠠᠴᠢᠯᠠᠨ | ᠪᠢᠴᠢᠨ᠎ᠡ᠃ | ᠲᠤᠰ ᠳᠦᠷᠢᠮ ᠤᠨ ᠲᠣᠭᠲᠠᠭᠠᠯ ᠶᠣᠰᠣᠭᠠᠷ ᠵᠥᠪᠰᠢᠶᠡᠷᠡᠭᠰᠡᠨ ᠭᠠᠵᠠᠷ ᠤᠨ ᠨᠡᠷᠡᠰ ᠨᠢ ᠪᠠᠷᠢᠮᠵᠢᠶᠠᠲᠤ ᠭᠠᠵᠠᠷ ᠤᠨ ᠨᠡᠷᠡᠰ ᠪᠣᠯᠣᠨ᠎ᠠ᠃ | ᠪᠠᠷᠢᠮᠵᠢᠶᠠᠲᠤ ᠭᠠᠵᠠᠷ ᠤᠨ ᠨᠡᠷᠡᠰ ᠨᠢ ᠭᠠᠵᠠᠷ ᠤᠨ ᠨᠡᠷᠡᠰ ᠤᠨ ᠬᠡᠷᠡᠭᠯᠡᠭᠡᠨ ᠤ ᠦᠰᠦᠭ ᠤᠨ ᠳᠠᠭᠤᠳᠠᠯᠭ᠎ᠠ ᠶᠢ ᠬᠢᠨᠠᠨ ᠲᠣᠭᠲᠠᠭᠠᠬᠤ ᠵᠢᠷᠤᠮᠵᠢᠯ ᠪᠠ | ᠴᠥᠭᠡᠨ ᠲᠣᠭᠠᠲᠤ ᠦᠨᠳᠦᠰᠦᠲᠡᠨ ᠤ ᠬᠡᠯᠡᠨ ᠤ ᠭᠠᠵᠠᠷ ᠤᠨ ᠨᠡᠷᠡᠰ᠂ ᠭᠠᠳᠠᠭᠠᠳᠤ ᠬᠡᠯᠡᠨ ᠤ ᠭᠠᠵᠠᠷ ᠤᠨ ᠨᠡᠷᠡᠰ ᠢ ᠬᠢᠲᠠᠳ ᠦᠰᠦᠭ ᠢᠶᠠᠷ ᠣᠷᠴᠢᠭᠤᠯᠤᠨ ᠪᠢᠴᠢᠬᠦ | ᠵᠡᠷᠭᠡ ᠵᠢᠷᠤᠮᠵᠢᠯ ᠳᠤ ᠨᠡᠶᠢᠴᠡᠭᠰᠡᠨ ᠪᠠᠶᠢᠬᠤ ᠬᠡᠷᠡᠭᠲᠡᠢ᠃ | ᠠᠷᠪᠠᠨ ᠵᠢᠷᠭᠤᠳᠤᠭᠠᠷ ᠵᠦᠢᠯ᠄ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠭᠠᠵᠠᠷ ᠤᠨ ᠨᠡᠷᠡᠰ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠠᠴᠠ ᠤᠯᠤᠰ ᠤᠨ ᠭᠠᠵᠠᠷ ᠤᠨ ᠨᠡᠷᠡᠰ ᠤᠨ ᠮᠡᠳᠡᠭᠡ ᠵᠠᠩᠭᠢ ᠶᠢᠨ ᠬᠥᠮᠥᠷᠭᠡ ᠶᠢ ᠨᠢᠭᠡᠳᠦᠯᠲᠡᠢ ᠪᠠᠶᠢᠭᠤᠯᠵᠤ᠂ ᠪᠠᠷᠢᠮᠵᠢᠶᠠᠲᠤ ᠭᠠᠵᠠᠷ ᠤᠨ ᠨᠡᠷᠡᠰ | ᠵᠡᠷᠭᠡ ᠮᠡᠳᠡᠭᠡ ᠵᠠᠩᠭᠢ ᠶᠢ ᠨᠡᠶᠢᠲᠡᠯᠡᠨ᠂ ᠤᠯᠤᠰ ᠤᠨ ᠭᠠᠵᠠᠷ ᠤᠨ ᠨᠡᠷᠡᠰ ᠤᠨ ᠮᠡᠳᠡᠭᠡ ᠵᠠᠩᠭᠢ ᠶᠢᠨ ᠬᠥᠮᠥᠷᠭᠡ ᠶᠢᠨ ᠣᠯᠠᠨ ᠲᠦᠮᠡᠨ ᠤ ᠠᠮᠢᠳᠤᠷᠠᠯ᠂ ᠨᠡᠶᠢᠭᠡᠮ ᠤᠨ | ᠵᠠᠰᠠᠯᠲᠠ᠂ ᠰᠢᠨᠵᠢᠯᠡᠬᠦ ᠤᠬᠠᠭᠠᠨ ᠤ ᠰᠤᠳᠤᠯᠭᠠᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠳᠤ ᠦᠢᠯᠡᠴᠢᠯᠡᠬᠦ ᠢᠳᠡᠪᠬᠢ | ᠦᠢᠯᠡᠳᠦᠯ ᠢ ᠭᠦᠢᠴᠡᠳ ᠪᠠᠳᠠᠷᠠᠭᠤᠯᠵᠤ᠂ ᠦᠢᠯᠡᠴᠢᠯᠡᠭᠡᠨ ᠤ ᠮᠡᠳᠡᠭᠡ ᠵᠠᠩᠭᠢᠵᠢᠯᠲᠠ᠂ ᠣᠶᠤᠨᠴᠢᠯᠠᠯᠲᠠ᠂ ᠲᠥᠬᠦᠮ ᠳᠥᠲᠡᠴᠢᠯᠡᠯᠲᠡ ᠶᠢᠨ ᠲᠦᠪᠰᠢᠨ ᠢ | ᠳᠡᠭᠡᠭᠰᠢᠯᠡᠭᠦᠯᠦᠨ᠂ ᠣᠯᠠᠨ ᠲᠦᠮᠡᠨ ᠤ ᠬᠡᠷᠡᠭᠯᠡᠬᠦ ᠳᠤ ᠲᠥᠬᠦᠮ ᠦᠵᠡᠭᠦᠯᠦᠨ᠎ᠡ᠃ | ᠠᠷᠪᠠᠨ ᠳᠣᠯᠣᠳᠤᠭᠠᠷ ᠵᠦᠢᠯ᠄ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠭᠠᠵᠠᠷ ᠤᠨ | ᠨᠡᠷᠡᠰ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠣᠯᠣᠨ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠭᠠᠵᠠᠷ ᠤᠨ ᠨᠡᠷᠡᠰ ᠤᠨ | ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠪᠠᠷ ᠪᠠᠶᠢᠭᠤᠯᠵᠤ ᠬᠤᠪᠢᠶᠠᠯᠴᠠᠬᠤ ᠬᠡᠷᠡᠭᠳᠡᠢ᠃ | ᠠᠷᠪᠠᠨ ᠨᠠᠢᠮᠠᠳᠤᠭᠠᠷ ᠵᠦᠢᠯ᠄ ᠲᠠᠷᠠᠭᠠᠬᠢ ᠬᠡᠪᠴᠢᠶᠡᠨ ᠳᠤ ᠡᠷᠬᠡᠪᠰᠢ ᠪᠠᠷᠢᠮᠵᠢᠶᠠᠲᠤ ᠭᠠᠵᠠᠷ ᠤᠨ ᠨᠡᠷ᠎ᠡ ᠶᠢ ᠬᠡᠷᠡᠭᠯᠡᠬᠦ ᠬᠡᠷᠡᠭᠲᠡᠢ᠄ | ︵ᠨᠢᠭᠡ︶ ᠭᠠᠵᠠᠷ ᠤᠨ ᠨᠡᠷ᠎ᠡ ᠶᠢᠨ ᠢᠯᠡᠳᠬᠡᠮᠵᠢ ᠲᠡᠮᠳᠡᠭ᠂ ᠵᠠᠮ ᠬᠠᠷᠢᠯᠴᠠᠭᠠᠨ ᠤ ᠢᠯᠡᠳᠬᠡᠮᠵᠢ ᠲᠡᠮᠳᠡᠭ᠂ ᠵᠠᠷ ᠤᠨ ᠫᠠᠶᠢᠰᠠ ᠢᠯᠡᠷᠬᠡᠶᠢᠯᠡᠯ ᠵᠡᠷᠭᠡ᠃ | ︵ᠬᠤᠶᠠᠷ︶ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ᠂ ᠲᠧᠯᠸᠢᠰ ᠵᠡᠷᠭᠡ ᠰᠣᠨᠢᠨ ᠮᠡᠳᠡᠭᠡᠨ ᠤ ᠵᠠᠭᠤᠴᠢᠯᠠᠭᠤᠷ ᠪᠠ ᠵᠠᠰᠠᠭ ᠤᠨ ᠣᠷᠳᠣᠨ ᠤ | ᠰᠦᠯᠵᠢᠶ᠎ᠡ ᠵᠡᠷᠭᠡ ᠤᠯᠠᠨ ᠨᠡᠶᠢᠲᠡ ᠶᠢᠨ ᠲᠠᠪᠴᠠᠩ ᠢᠶᠠᠷ ᠨᠡᠶᠢᠲᠡᠯᠡᠭᠰᠡᠨ ᠮᠡᠳᠡᠭᠡ ᠵᠠᠩᠭᠢ᠃ | ︵ᠭᠤᠷᠪᠠ︶ ᠬᠠᠤᠯᠢ ᠴᠠᠭᠠᠵᠠ ᠶᠢᠨ ᠪᠢᠴᠢᠭ ᠬᠠᠷ᠎ᠠ᠂ ᠪᠡᠶ᠎ᠡ ᠶᠢᠨ ᠬᠢᠷᠢ ᠬᠡᠮ ᠤᠨ ᠭᠡᠷᠡᠴᠢ᠂ ᠲᠠᠸᠠᠷ ᠤᠨ ᠭᠡᠷ ᠪᠠᠶᠢᠰᠢᠩ ᠢ ᠤᠷᠢᠳᠴᠢᠯᠠᠨ | ᠬᠤᠳᠠᠯᠳᠤᠬᠤ ᠵᠥᠪᠰᠢᠶᠡᠷᠡᠯ ᠤᠨ ᠦᠨᠡᠮᠯᠡᠯ᠂ ᠦᠯᠦ ᠬᠥᠳᠡᠯᠬᠦ ᠬᠥᠷᠥᠩᠭᠡ ᠶᠢᠨ ᠡᠷᠬᠡ ᠶᠢᠨ ᠬᠠᠷᠢᠶᠠᠯᠠᠯ ᠤᠨ ᠦᠨᠡᠮᠯᠡᠯ ᠵᠡᠷᠭᠡ ᠡᠯ᠎ᠡ ᠲᠦᠷᠦᠯ ᠤᠨ ᠠᠯᠪᠠᠨ ᠪᠢᠴᠢᠭ᠂ | ᠭᠡᠷᠡᠴᠢ ᠦᠨᠡᠮᠯᠡᠯ᠃ | ︵ᠳᠥᠷᠪᠡ︶ ᠲᠣᠯᠢ ᠪᠢᠴᠢᠭ ᠵᠡᠷᠭᠡ ᠪᠠᠭᠠᠵᠢ ᠬᠡᠷᠡᠭᠰᠡᠯ ᠤᠨ ᠲᠦᠷᠦᠯ ᠪᠠ ᠵᠢᠭᠠᠬᠤ ᠮᠠᠲ᠋ᠧᠷᠢᠶᠠᠯ ᠵᠢᠭᠠᠨ ᠰᠤᠷᠭᠠᠬᠤ ᠶᠢᠨ ᠬᠠᠪᠰᠤᠷᠤᠮᠵᠢ ᠪᠢᠴᠢᠭ | ᠵᠡᠷᠭᠡ ᠰᠤᠷᠤᠯᠴᠠᠯᠭ᠎ᠠ ᠶᠢᠨ ᠲᠦᠷᠦᠯ ᠤᠨ ᠢᠯᠡ ᠬᠡᠪᠯᠡᠭᠳᠡᠬᠦᠨ᠃ | ︵ᠲᠠᠪᠤ︶ ᠨᠡᠶᠢᠭᠡᠮ ᠨᠡᠶᠢᠲᠡ ᠳᠤ ᠢᠯᠠ ᠪᠠᠷ ᠨᠡᠶᠢᠲᠡᠯᠡᠭᠰᠡᠨ ᠭᠠᠵᠠᠷ ᠤᠨ ᠵᠢᠷᠤᠭ᠃ | ︵ᠵᠢᠷᠭᠤᠭ᠎ᠠ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠪᠠᠷᠢᠮᠵᠢᠶᠠᠲᠤ ᠭᠠᠵᠠᠷ ᠤᠨ ᠨᠡᠷᠡᠰ ᠢ ᠬᠡᠷᠡᠭᠯᠡᠬᠦ | ᠶᠣᠰᠣᠲᠠᠢ ᠪᠤᠰᠤᠳ ᠪᠠᠶᠢᠳᠠᠯ ᠤᠳ᠃ | ᠠᠷᠪᠠ ᠶᠢᠰᠦᠳᠦᠭᠡᠷ ᠵᠦᠢᠯ᠄ ᠪᠠᠷᠢᠮᠵᠢᠶᠠᠲᠤ ᠭᠠᠵᠠᠷ ᠤᠨ ᠨᠡᠷᠡᠰ ᠪᠠ ᠬᠠᠮᠢᠶ᠎ᠠ ᠪᠦᠬᠦᠢ ᠮᠡᠳᠡᠭᠡ ᠵᠠᠩᠭᠢ ᠶᠢ ᠭᠠᠵᠠᠷ ᠤᠨ ᠨᠡᠷᠡᠰ ᠤᠨ ᠲᠡᠮᠳᠡᠭ ᠳᠡᠭᠡᠷ᠎ᠡ | ᠲᠣᠳᠣᠷᠬᠠᠶᠢᠯᠠᠬᠤ ᠬᠡᠷᠡᠭᠲᠡᠢ᠃ ᠶᠠᠮᠠᠷᠪᠠ ᠨᠢᠭᠡᠴᠢ ᠪᠠ ᠬᠤᠪᠢ ᠬᠥᠮᠥᠨ ᠭᠠᠵᠠᠷ ᠤᠨ ᠨᠡᠷᠡᠰ ᠤᠨ ᠲᠡᠮᠳᠡᠭ ᠢ ᠳᠤᠷ᠎ᠠ ᠪᠠᠷ ᠢᠶᠠᠨ ᠵᠣᠬᠢᠶᠠᠵᠤ᠂ ᠨᠤᠷᠠᠭᠠᠵᠤ᠂ | ᠰᠢᠯᠵᠢᠭᠦᠯᠵᠦ᠂ ᠪᠠᠯᠠᠯᠤᠨ ᠵᠠᠰᠠᠵᠤ᠂ ᠬᠠᠯᠬᠠᠯᠠᠵᠤ᠂ ᠡᠪᠳᠡᠨ ᠰᠦᠢᠳᠬᠡᠵᠦ ᠪᠣᠯᠬᠤ ᠦᠭᠡᠢ᠃ | ᠬᠤᠷᠢᠳᠤᠭᠠᠷ ᠵᠦᠢᠯ᠄ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠭᠠᠵᠠᠷ ᠤᠨ | ᠨᠡᠷᠡᠰ ᠤᠨ ᠲᠡᠮᠳᠡᠭ ᠢ ᠪᠠᠶᠢᠷᠢᠯᠠᠭᠤᠯᠬᠤ ᠪᠠ ᠬᠠᠮᠢᠶᠠᠷᠬᠤ ᠠᠵᠢᠯ ᠢᠶᠠᠨ ᠴᠢᠩᠭᠠᠳᠬᠠᠬᠤ ᠬᠡᠷᠡᠭᠲᠡᠢ᠃ | ᠬᠤᠷᠢᠨ ᠨᠢᠭᠡᠳᠦᠭᠡᠷ ᠵᠦᠢᠯ᠄ ᠰᠢᠭᠤᠳ ᠬᠠᠷᠢᠶ᠎ᠠ ᠬᠤᠲᠠ᠂ ᠬᠤᠲᠠ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ᠭᠠᠵᠠᠷ ᠤᠨ ᠨᠡᠷᠡᠰ ᠤᠨ | ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠠ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰ ᠲᠤᠰ ᠤᠨ ᠲᠤᠰᠢᠶᠠᠯ | ᠬᠠᠷᠢᠭᠤᠴᠠᠯᠭ᠎ᠠ ᠶᠢᠨ ᠢᠶᠠᠨ ᠬᠡᠪᠴᠢᠶᠡᠨ ᠳᠣᠲᠣᠷ᠎ᠠ ᠪᠠᠷᠢᠮᠵᠢᠶᠠᠲᠤ ᠭᠠᠵᠠᠷ ᠤᠨ ᠨᠡᠷᠡᠰ ᠢ ᠦᠨᠳᠦᠰᠦᠯᠡᠨ ᠪᠠᠷᠢᠮᠵᠢᠶᠠᠲᠤ ᠬᠠᠶ᠋ᠢᠭ ᠢ ᠨᠠᠶᠢᠷᠠᠭᠤᠯᠤᠨ ᠵᠣᠬᠢᠶᠠᠬᠤ ᠶᠢᠨ | ᠬᠠᠮᠲᠤ ᠢᠯᠡᠳᠬᠡᠮᠵᠢ ᠲᠡᠮᠳᠡᠭ ᠲᠠᠯᠪᠢᠬᠤ ᠬᠡᠷᠡᠭᠲᠡᠢ᠃ | ᠬᠤᠷᠢᠨ ᠬᠤᠶᠠᠳᠤᠭᠠᠷ ᠵᠦᠢᠯ᠄ ᠪᠠᠷᠢᠮᠵᠢᠶᠠᠲᠤ ᠭᠠᠵᠠᠷ ᠤᠨ ᠨᠡᠷᠡᠰ ᠤᠨ ᠬᠡᠪᠯᠡᠭᠳᠡᠬᠦᠨ ᠢ ᠭᠠᠵᠠᠷ ᠤᠨ ᠨᠡᠷᠡᠰ ᠤᠨ ᠪᠠᠶᠢᠭᠤᠯᠤᠮᠵᠢ ᠶᠢᠨ ᠬᠢᠨ ᠡᠮᠬᠢᠳᠬᠡᠨ | ᠬᠡᠪᠯᠡᠭᠦᠯᠬᠦ ᠠᠵᠢᠯ ᠢ ᠬᠠᠷᠢᠭᠤᠴᠠᠨ᠎ᠠ᠃ ᠡᠭᠦᠨ ᠳᠤ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠤᠨ ᠨᠡᠷᠡᠶᠢᠳᠦᠯ ᠢ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠤᠨ | ᠪᠣᠳᠠᠲᠠᠢ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ ᠪᠠᠶᠢᠭ᠎ᠠ ᠰᠠᠯᠠᠭ᠎ᠠ ᠮᠥᠴᠢᠷ ᠡᠮᠬᠢᠳᠬᠡᠨ ᠬᠡᠪᠯᠡᠭᠦᠯᠦᠨ᠎ᠡ᠃ | |