| | | ᠬᠤᠷᠢᠨ ᠨᠠᠢᠮᠠᠳᠤᠭᠠᠷ ᠵᠦᠢᠯ᠄ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠤᠨ ᠭᠠᠵᠠᠷ ᠤᠨ ᠨᠡᠷᠡᠰ ᠤᠨ ᠵᠠᠰᠠᠭ ᠵᠠᠬᠢᠷᠭᠠᠨ ᠤ ᠭᠤᠤᠯᠯᠠᠨ | ᠬᠠᠮᠢᠶᠠᠷᠬᠤ ᠰᠠᠯᠠᠭ᠎ᠠ ᠮᠥᠴᠢᠷ ᠤᠨ ᠬᠢᠨ ᠳᠣᠣᠷᠠᠳᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠭᠠᠵᠠᠷ ᠤᠨ ᠨᠡᠷᠡᠰ ᠤᠨ ᠵᠠᠰᠠᠭ ᠵᠠᠬᠢᠷᠭᠠᠨ ᠤ ᠭᠤᠤᠯᠯᠠᠨ | ᠬᠠᠮᠢᠶᠠᠷᠬᠤ ᠰᠠᠯᠠᠭ᠎ᠠ ᠮᠥᠴᠢᠷ ᠤᠨ ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠠᠵᠢᠯ ᠳᠤ ᠬᠢ ᠵᠢᠯᠣᠭᠤᠳᠤᠯᠭ᠎ᠠ᠂ ᠬᠢᠨᠠᠯᠲᠠ ᠪᠠᠨ ᠴᠢᠩᠭᠠᠳᠬᠠᠬᠤ ᠬᠡᠷᠡᠭᠲᠡᠢ᠃ | ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠣᠣᠷᠠᠳᠤ ᠱᠠᠲᠤᠨ ᠤ ᠠᠷᠠᠳ ᠤᠨ | ᠵᠠᠰᠠᠭ ᠤᠨ ᠣᠷᠳᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠠᠵᠢᠯ ᠢ ᠵᠢᠯᠤᠭᠤᠳᠴᠤ᠂ ᠬᠢᠨᠠᠬᠤ ᠬᠡᠷᠡᠭᠳᠡᠢ᠃ | ᠬᠤᠷᠢ ᠶᠢᠰᠦᠳᠦᠭᠡᠷ ᠵᠦᠢᠯ᠄ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠭᠠᠵᠠᠷ ᠤᠨ ᠨᠡᠷᠡᠰ ᠤᠨ ᠵᠠᠰᠠᠭ ᠵᠠᠬᠢᠷᠭᠠᠨ ᠤ ᠭᠤᠤᠯᠯᠠᠨ | ᠬᠠᠮᠢᠶᠠᠷᠬᠤ ᠰᠠᠯᠠᠭ᠎ᠠ ᠮᠥᠴᠢᠷ ᠪᠠ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠭᠠᠵᠠᠷ ᠤᠨ ᠨᠡᠷᠡᠰ ᠢ ᠨᠡᠷᠡᠶᠢᠳᠬᠦ᠂ ᠬᠠᠯᠠᠬᠤ᠂ ᠬᠡᠷᠡᠭᠯᠡᠬᠦ᠂ | ᠰᠣᠶᠣᠯ ᠤᠨ ᠬᠠᠮᠠᠭᠠᠯᠠᠯᠲᠠ ᠳᠤ ᠲᠠᠯᠪᠢᠬᠤ ᠬᠢᠨᠠᠯᠲᠠ ᠪᠠᠶᠢᠴᠠᠭᠠᠯᠲᠠ ᠪᠠᠨ ᠬᠠᠤᠯᠢ ᠶᠣᠰᠣᠭᠠᠷ ᠴᠢᠩᠭᠠᠳᠬᠠᠬᠤ ᠬᠡᠷᠡᠭᠲᠡᠢ᠃ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠴᠢᠳᠠᠪᠤᠷᠢ ᠶᠢᠨ | ᠪᠠᠶᠢᠭᠤᠯᠤᠯᠳᠠ ᠶᠢ ᠴᠢᠩᠭᠠᠳᠬᠠᠬᠤ ᠬᠡᠷᠡᠭᠳᠡᠢ᠃ | ᠭᠤᠴᠢᠳᠤᠭᠠᠷ ᠵᠦᠢᠯ᠄ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠭᠠᠵᠠᠷ ᠤᠨ ᠨᠡᠷᠡᠰ ᠤᠨ ᠵᠠᠰᠠᠭ ᠵᠠᠬᠢᠷᠭᠠᠨ ᠤ | ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠠ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠠᠵᠢᠯ ᠢ | ᠬᠢᠨᠠᠵᠤ ᠪᠠᠶᠢᠴᠠᠭᠠᠬᠤ ᠳᠤ ᠪᠠᠨ ᠲᠠᠷᠠᠭᠠᠬᠢ ᠠᠷᠭ᠎ᠠ ᠶᠢ ᠠᠪᠬᠤ ᠡᠷᠬᠡ ᠲᠠᠢ᠄ | ︵ᠨᠢᠭᠡ︶ ᠬᠤᠯᠪᠣᠭᠳᠠᠯ ᠪᠦᠬᠦᠢ ᠲᠤᠬᠠᠢ ᠶᠢᠨ ᠬᠥᠮᠥᠨ ᠠᠴᠠ ᠯᠠᠪᠯᠠᠨ ᠠᠰᠠᠭᠤᠵᠤ᠂ ᠭᠠᠵᠠᠷ ᠤᠨ ᠨᠡᠷᠡᠰ ᠤᠨ ᠬᠠᠮᠢᠶᠠᠷᠤᠯᠲᠠ ᠳᠤ ᠬᠤᠯᠪᠣᠭᠳᠠᠬᠤ | ᠪᠠᠶᠢᠳᠠᠯ ᠢ ᠪᠠᠶᠢᠴᠠᠭᠠᠨ᠎ᠠ᠃ | ︵ᠬᠤᠶᠠᠷ︶ ᠬᠤᠯᠪᠣᠭᠳᠠᠯ ᠪᠦᠬᠦᠢ ᠮᠠᠲ᠋ᠧᠷᠢᠶᠠᠯ ᠢ ᠪᠠᠶᠢᠴᠠᠭᠠᠨ ᠦᠵᠡᠬᠦ᠂ ᠪᠠᠭᠤᠯᠭᠠᠨ ᠠᠪᠬᠤ᠃ | ︵ᠭᠤᠷᠪᠠ︶ ᠭᠠᠵᠠᠷ ᠤᠨ ᠨᠡᠷᠡᠰ ᠤᠨ ᠬᠠᠤᠯᠢ ᠶᠢ ᠵᠥᠷᠢᠴᠡᠭᠰᠡᠨ ᠠᠵᠢᠯᠯᠠᠭ᠎ᠠ ᠣᠷᠣᠰᠢᠵᠤ ᠪᠠᠶᠢᠬᠤ ᠰᠡᠵᠢᠭᠯᠡᠯᠲᠡᠢ ᠲᠠᠯᠠᠪᠤᠷ ᠢ ᠲᠤᠬᠠᠢ ᠶᠢᠨ | ᠭᠠᠵᠠᠷ ᠲᠤ ᠨᠢ ᠪᠠᠶᠢᠴᠠᠭᠠᠬᠤ᠃ | ︵ᠳᠥᠷᠪᠡ︶ ᠭᠠᠵᠠᠷ ᠤᠨ ᠨᠡᠷᠡᠰ ᠤᠨ ᠬᠠᠤᠯᠢ ᠶᠢ ᠵᠥᠷᠢᠴᠡᠭᠰᠡᠨ ᠠᠵᠢᠯᠯᠠᠭ᠎ᠠ ᠳᠤ ᠬᠤᠯᠪᠣᠭᠳᠠᠭᠰᠠᠨ ᠡᠳ᠋ ᠪᠣᠳᠠᠰ ᠢ ᠪᠠᠶᠢᠴᠠᠭᠠᠬᠤ᠃ | ︵ᠲᠠᠪᠤ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠠᠷᠭ᠎ᠠ᠃ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠭᠠᠵᠠᠷ ᠤᠨ ᠨᠡᠷᠡᠰ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ | ᠰᠠᠯᠠᠭ᠎ᠠ ᠮᠥᠴᠢᠷ ᠪᠠ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠡᠮᠦᠨᠡᠬᠢ ᠵᠦᠢᠯ ᠳᠤ ᠲᠣᠭᠲᠠᠭᠠᠭᠰᠠᠨ ᠡᠷᠬᠡ ᠲᠤᠰᠢᠶᠠᠯ ᠢ ᠬᠠᠤᠯᠢ ᠶᠣᠰᠣᠭᠠᠷ | ᠭᠦᠢᠴᠡᠳᠬᠡᠬᠦ ᠦᠶ᠎ᠡ ᠳᠤ᠂ ᠲᠤᠬᠠᠢ ᠶᠢᠨ ᠬᠥᠮᠥᠨ ᠨᠢ ᠬᠠᠪᠰᠤᠷᠴᠤ᠂ ᠬᠠᠮᠵᠢᠯᠴᠠᠬᠤ ᠬᠡᠷᠡᠭᠲᠡᠢ᠂ ᠲᠡᠪᠴᠢᠬᠦ ᠪᠤᠶᠤ ᠬᠠᠷᠰᠢᠯᠠᠵᠤ ᠪᠣᠯᠬᠤ ᠦᠭᠡᠢ᠃ | ᠭᠤᠴᠢᠨ ᠨᠢᠭᠡᠳᠦᠭᠡᠷ ᠵᠦᠢᠯ᠄ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠭᠠᠵᠠᠷ ᠤᠨ ᠨᠡᠷᠡᠰ ᠤᠨ ᠵᠠᠰᠠᠭ ᠵᠠᠬᠢᠷᠭᠠᠨ ᠤ | ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠠ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠢᠨᠠᠯᠲᠠ ᠲᠠᠯᠪᠢᠵᠤ ᠪᠠᠶᠢᠴᠠᠭᠠᠬᠤ ᠶᠠᠪᠤᠴᠠ ᠳᠤ ᠪᠠᠨ | ᠭᠠᠵᠠᠷ ᠤᠨ ᠨᠡᠷ᠎ᠡ ᠶᠢ ᠨᠡᠷᠡᠶᠢᠳᠬᠦ᠂ ᠬᠠᠯᠠᠬᠤ᠂ ᠬᠡᠷᠡᠭᠯᠡᠬᠦ᠂ ᠰᠣᠶᠣᠯ ᠤᠨ ᠬᠠᠮᠠᠭᠠᠯᠠᠯᠲᠠ ᠳᠤ ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠡᠳᠡᠪᠡᠯ᠂ ᠴᠠᠭ | ᠲᠤᠬᠠᠢ ᠳᠤ ᠨᠢ ᠴᠡᠭᠴᠡᠯᠡᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠴᠤ᠂ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠵᠤ᠂ ᠰᠢᠢᠳᠪᠤᠷᠢᠯᠡᠬᠦᠯᠬᠦ | ᠰᠠᠨᠠᠭᠤᠯᠭ᠎ᠠ ᠶᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠤ ᠬᠠᠤᠯᠢ ᠶᠣᠰᠣᠭᠠᠷ ᠳᠤᠷᠠᠳᠬᠤ ᠬᠡᠷᠡᠭᠲᠡᠢ᠃ ᠴᠢᠬᠤᠯᠠ ᠲᠠᠢ ᠦᠶ᠎ᠡ ᠳᠤ ᠲᠤᠰ ᠳᠦᠷᠢᠮ ᠤᠨ | ᠲᠣᠭᠲᠠᠭᠠᠯ ᠠᠴᠠ ᠵᠥᠷᠢᠴᠡᠭᠰᠡᠨ ᠰᠡᠵᠢᠭᠯᠡᠯᠲᠡᠢ ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ ᠬᠥᠮᠥᠰ ᠲᠠᠢ ᠪᠣᠯᠵᠣᠨ ᠶᠠᠷᠢᠯᠴᠠᠬᠤ ᠶᠢᠨ ᠬᠠᠮᠲᠤ ᠨᠡᠶᠢᠭᠡᠮ ᠨᠡᠶᠢᠳᠡ ᠳᠤ | ᠮᠡᠳᠡᠭᠳᠡᠵᠦ ᠪᠣᠯᠣᠨ᠎ᠠ᠃ | ᠭᠤᠴᠢᠨ ᠬᠤᠶᠠᠳᠤᠭᠠᠷ ᠵᠦᠢᠯ᠄ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠭᠠᠵᠠᠷ ᠤᠨ ᠨᠡᠷᠡᠰ ᠤᠨ ᠵᠠᠰᠠᠭ | ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠠ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠭᠠᠵᠠᠷ ᠤᠨ ᠨᠡᠷ᠎ᠡ ᠶᠢ ᠨᠡᠷᠡᠶᠢᠳᠦᠭᠰᠡᠨ᠂ | ᠬᠠᠯᠠᠭᠰᠠᠨ᠂ ᠬᠡᠷᠡᠭᠯᠡᠭᠰᠡᠨ᠂ ᠰᠣᠶᠣᠯ ᠤᠨ ᠬᠠᠮᠠᠭᠠᠯᠠᠯᠲᠠ ᠵᠡᠷᠭᠡ ᠪᠠᠶᠢᠳᠠᠯ ᠢ ᠬᠦᠨᠳᠡᠯᠡᠨ ᠤ ᠪᠠᠶᠢᠭᠤᠯᠤᠮᠵᠢ ᠳᠤ ᠨᠠᠶᠢᠳᠠᠵᠤ ᠦᠨᠡᠯᠡᠬᠦᠯᠵᠤ ᠪᠣᠯᠣᠨ᠎ᠠ᠃ | ᠭᠤᠴᠢᠨ ᠭᠤᠷᠪᠠᠳᠤᠭᠠᠷ ᠵᠦᠢᠯ᠄ ᠶᠠᠮᠠᠷᠪᠠ ᠨᠢᠬᠡᠴᠢ ᠪᠠ ᠬᠤᠪᠢ ᠬᠥᠮᠥᠨ ᠤ ᠲᠤᠰ ᠳᠦᠷᠢᠮ ᠤᠨ ᠲᠣᠭᠲᠠᠭᠠᠯ ᠢ ᠵᠥᠷᠢᠴᠡᠭᠰᠡᠨ ᠠᠵᠢᠯᠯᠠᠭ᠎ᠠ ᠶᠢ ᠮᠡᠳᠡᠪᠡᠯ | ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠭᠠᠵᠠᠷ ᠤᠨ ᠨᠡᠷᠡᠰ ᠤᠨ ᠵᠠᠰᠠᠭ ᠵᠠᠬᠢᠷᠭᠠᠨ ᠤ ᠭᠤᠤᠯᠯᠠᠨ | ᠬᠠᠮᠢᠶᠠᠷᠬᠤ ᠰᠠᠯᠠᠭ᠎ᠠ ᠮᠥᠴᠢᠷ ᠪᠤᠶᠤ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠢᠯᠡᠴᠢᠯᠡᠵᠤ ᠪᠣᠯᠣᠨ᠎ᠠ᠃ ᠢᠯᠡᠴᠢᠯᠡᠯᠳᠡ ᠶᠢ ᠣᠯᠣᠭᠰᠠᠨ ᠰᠠᠯᠠᠭ᠎ᠠ | ᠮᠥᠴᠢᠷ ᠨᠢ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢᠯᠡᠴᠢᠯᠡᠭᠴᠢ ᠶᠢᠨ ᠬᠤᠯᠪᠣᠭᠳᠠᠯ ᠪᠦᠬᠦᠢ ᠮᠡᠳᠡᠭᠡ | ᠵᠠᠩᠭᠢ ᠶᠢᠨ ᠨᠢᠭᠤᠴᠠ ᠶᠢ ᠬᠠᠮᠠᠭᠠᠯᠠᠬᠤ ᠬᠡᠷᠡᠭᠲᠡᠢ᠃ | |