| | | | ᠭᠤᠴᠢᠨ ᠳᠥᠷᠪᠡᠳᠦᠭᠡᠷ ᠵᠦᠢᠯ᠄ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠭᠠᠵᠠᠷ ᠤᠨ | ᠨᠡᠷᠡᠰ ᠢ ᠵᠥᠪᠰᠢᠶᠡᠷᠡᠬᠦ ᠪᠠᠶᠢᠭᠤᠯᠭ᠎ᠠ ᠲᠤᠰ ᠳᠦᠷᠢᠮ ᠤᠨ ᠲᠣᠭᠲᠠᠭᠠᠯ ᠢ ᠵᠥᠷᠢᠴᠡᠨ ᠭᠠᠵᠠᠷ ᠤᠨ ᠨᠡᠷ᠎ᠡ ᠶᠢ ᠨᠡᠷᠡᠶᠢᠳᠦᠭᠰᠡᠨ᠂ ᠬᠠᠯᠠᠭᠰᠠᠨ ᠪᠤᠯ ᠳᠡᠭᠡᠷ᠎ᠡ ᠨᠢᠭᠡ | ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠵᠠᠷᠯᠢᠭᠳᠠᠨ ᠵᠠᠯᠠᠷᠠᠭᠤᠯᠤᠭᠤᠯᠵᠤ᠂ ᠲᠤᠰ ᠵᠥᠪᠰᠢᠶᠡᠷᠡᠭᠰᠡᠨ ᠪᠠᠶᠢᠭᠤᠯᠭ᠎ᠠ ᠶᠢᠨ ᠬᠠᠷᠢᠭᠤᠴᠠᠯᠭ᠎ᠠ ᠲᠠᠢ ᠤᠳᠤᠷᠢᠳᠬᠤ | ᠬᠥᠮᠥᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠥᠨ ᠳᠤ ᠬᠠᠤᠯᠢ ᠶᠣᠰᠣᠭᠠᠷ ᠰᠢᠢᠳᠬᠡᠨ᠎ᠡ᠃ | ᠭᠤᠴᠢᠨ ᠲᠠᠪᠤᠳᠤᠭᠠᠷ ᠵᠦᠢᠯ᠄ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠭᠠᠵᠠᠷ ᠤᠨ ᠨᠡᠷᠡᠰ ᠢ | ᠵᠥᠪᠰᠢᠶᠡᠷᠡᠬᠦ ᠪᠠᠶᠢᠭᠤᠯᠭ᠎ᠠ ᠲᠡᠪᠰᠢᠬᠦᠯᠵᠤ ᠳᠠᠩᠰᠠᠯᠠᠭᠤᠯᠤᠭᠰᠠᠨ ᠦᠭᠡᠢ ᠪᠤᠶᠤ ᠴᠠᠭ ᠲᠤᠬᠠᠢ ᠳᠤ ᠲᠡᠪᠰᠢᠬᠦᠯᠵᠤ ᠳᠠᠩᠰᠠᠯᠠᠭᠤᠯᠤᠭᠰᠠᠨ ᠦᠭᠡᠢ ᠪᠤᠯ ᠲᠦᠷᠦ ᠶᠢᠨ | ᠶᠠᠪᠤᠳᠠᠯ ᠤᠨ ᠬᠤᠷᠢᠶᠠᠨ ᠤ ᠭᠠᠵᠠᠷ ᠤᠨ ᠨᠡᠷᠡᠰ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠳᠡᠭᠡᠷ᠎ᠡ ᠨᠢᠭᠡ ᠱᠠᠲᠤᠨ ᠤ ᠠᠷᠠᠳ ᠤᠨ | ᠵᠠᠰᠠᠭ ᠤᠨ ᠣᠷᠳᠣᠨ ᠤ ᠭᠠᠵᠠᠷ ᠤᠨ ᠨᠡᠷᠡᠰ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠤᠰ ᠵᠥᠪᠰᠢᠶᠡᠷᠡᠭᠰᠡᠨ ᠪᠠᠶᠢᠭᠤᠯᠭ᠎ᠠ ᠳᠤ | ᠮᠡᠳᠡᠭᠳᠡᠵᠦ᠂ ᠬᠤᠭᠤᠴᠠᠭ᠎ᠠ ᠲᠣᠭᠲᠠᠭᠠᠨ ᠲᠡᠪᠰᠢᠬᠦᠯᠤᠬᠦᠯᠤᠨᠡ᠃ ᠬᠤᠭᠤᠴᠠᠭ᠎ᠠ ᠬᠡᠲᠦᠷᠡᠲᠡᠯ᠎ᠡ ᠮᠥᠨ ᠲᠡᠪᠰᠢᠬᠦᠯᠬᠦ ᠦᠭᠡᠢ ᠪᠤᠯ ᠰᠢᠭᠤᠳ ᠬᠠᠷᠢᠭᠤᠴᠠᠯᠭ᠎ᠠ ᠲᠠᠢ | ᠬᠥᠮᠥᠨ ᠢ ᠬᠠᠤᠯᠢ ᠶᠣᠰᠣᠭᠠᠷ ᠰᠢᠢᠳᠬᠡᠨ᠎ᠡ᠃ | ᠭᠤᠴᠢᠨ ᠵᠢᠷᠭᠤᠳᠤᠭᠠᠷ ᠵᠦᠢᠯ᠄ ᠲᠣᠰ ᠳᠦᠷᠢᠮ ᠤᠨ ᠳᠥᠷᠪᠡᠳᠦᠭᠡᠷ ᠵᠦᠢᠯ᠂ ᠶᠢᠰᠦᠳᠦᠭᠡᠷ ᠵᠦᠢᠯ᠂ ᠠᠷᠪᠠᠳᠤᠭᠠᠷ ᠵᠦᠢᠯ᠂ ᠠᠷᠪᠠᠨ ᠬᠤᠶᠠᠳᠤᠭᠠᠷ | ᠵᠦᠢᠯ ᠤᠨ ᠲᠣᠭᠲᠠᠭᠠᠯ ᠢ ᠵᠥᠷᠢᠴᠡᠵᠦ᠂ ᠭᠠᠵᠠᠷ ᠤᠨ ᠨᠡᠷᠡᠰ ᠢ ᠳᠤᠷ᠎ᠠ ᠪᠠᠷ ᠢᠶᠠᠨ ᠨᠡᠷᠡᠶᠢᠳᠴᠦ᠂ ᠬᠠᠯᠠᠭᠰᠠᠨ ᠪᠤᠯ ᠬᠢᠨᠠᠨ ᠵᠥᠪᠰᠢᠶᠡᠷᠡᠬᠦ ᠡᠷᠬᠡ ᠲᠠᠢ ᠵᠠᠰᠠᠭ | ᠵᠠᠬᠢᠷᠭᠠᠨ ᠤ ᠪᠠᠶᠢᠭᠤᠯᠭ᠎ᠠ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠤᠨ᠎ᠠ᠃ ᠬᠤᠭᠤᠴᠠᠭ᠎ᠠ ᠨᠢ ᠬᠡᠲᠦᠷᠡᠲᠡᠯ᠎ᠡ ᠵᠠᠯᠠᠷᠠᠭᠤᠯᠬᠤ ᠦᠭᠡᠢ | ᠪᠤᠯ ᠬᠦᠴᠤᠨ ᠦᠬᠡᠢ ᠪᠤᠯᠭᠠᠬᠤ ᠶᠢᠨ ᠬᠠᠮᠲᠤ ᠬᠠᠤᠯᠢ ᠶᠢ ᠵᠥᠷᠢᠴᠡᠭᠰᠡᠨ ᠨᠢᠭᠡᠴᠢ ᠶᠢ ᠵᠠᠷᠯᠠᠨ ᠰᠢᠭᠦᠮᠵᠢᠯᠡᠨ᠎ᠡ᠃ | ᠭᠤᠴᠢᠨ ᠳᠣᠯᠣᠳᠤᠭᠠᠷ ᠵᠦᠢᠯ᠄ ᠲᠤᠰ ᠳᠦᠷᠢᠮ ᠤᠨ ᠠᠷᠪᠠᠨ ᠨᠠᠢᠮᠠᠳᠤᠭᠠᠷ ᠵᠦᠢᠯ ᠤᠨ ᠲᠣᠭᠲᠠᠭᠠᠯ ᠢ ᠵᠥᠷᠢᠴᠡᠵᠦ᠂ ᠪᠠᠷᠢᠮᠵᠢᠶᠠᠲᠤ ᠭᠠᠵᠠᠷ ᠤᠨ ᠨᠡᠷ᠎ᠡ ᠢ | ᠬᠡᠷᠡᠭᠯᠡᠭᠰᠡᠨ ᠦᠭᠡᠢ ᠪᠤᠶᠤ ᠵᠢᠷᠤᠮᠵᠢᠭᠤᠯᠤᠨ ᠬᠡᠷᠡᠭᠯᠡᠭᠰᠡᠨ ᠦᠭᠡᠢ ᠪᠤᠯ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ | ᠣᠷᠳᠣᠨ ᠤ ᠭᠠᠵᠠᠷ ᠤᠨ ᠨᠡᠷᠡᠰ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠪᠤᠰᠤᠳ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠢᠨ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠤᠨ᠎ᠠ᠃ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠬᠤ ᠦᠭᠡᠢ ᠪᠤᠯ ᠬᠠᠤᠯᠢ ᠶᠢ | ᠵᠥᠷᠢᠴᠡᠭᠰᠡᠨ ᠨᠢᠭᠡᠴᠢ ᠶᠢ ᠵᠠᠷᠯᠠᠨ ᠰᠢᠭᠦᠮᠵᠢᠯᠡᠬᠦ ᠶᠢᠨ ᠬᠠᠮᠲᠤ ᠬᠤᠯᠪᠣᠭᠳᠠᠯ ᠪᠦᠬᠦᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠳᠡᠵᠦ ᠬᠠᠤᠯᠢ ᠶᠣᠰᠣᠭᠠᠷ | ᠰᠢᠢᠳᠪᠦᠷᠢᠯᠡᠭᠦᠯᠦᠨ᠎ᠡ᠃ ᠬᠠᠤᠯᠢ ᠶᠢ ᠵᠥᠷᠢᠴᠡᠭᠰᠡᠨ ᠨᠢᠭᠡᠴᠢ ᠶᠢᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠤᠶᠤ ᠭᠤᠣᠯ ᠬᠠᠷᠢᠭᠤᠴᠠᠯᠭᠠᠲᠠᠨ᠂ ᠰᠢᠭᠤᠳ | ᠬᠠᠷᠢᠭᠤᠴᠠᠵᠤ ᠪᠠᠶᠢᠭ᠎ᠠ ᠭᠤᠤᠯᠯᠠᠨ ᠬᠠᠮᠢᠶᠠᠷᠤᠬᠴᠢ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠥᠨ ᠢ 2000 ᠠᠴᠠ ᠲᠦᠮᠡᠨ ᠲᠥᠭᠦᠷᠢᠭ ᠤᠨ ᠲᠤᠳᠤᠷ᠎ᠠ | ᠵᠣᠭᠤᠰ ᠢᠶᠠᠷ ᠲᠤᠷᠭᠠᠨ᠎ᠠ᠃ | ᠭᠤᠴᠢᠨ ᠨᠠᠢᠮᠠᠳᠤᠭᠠᠷ ᠵᠦᠢᠯ᠄ ᠭᠠᠵᠠᠷ ᠤᠨ ᠨᠡᠷᠡᠰ ᠤᠨ ᠲᠡᠮᠳᠡᠭ ᠢ ᠳᠤᠷ᠎ᠠ ᠪᠠᠷ ᠢᠶᠠᠨ ᠪᠠᠶᠢᠷᠢᠯᠠᠭᠤᠯᠤᠭᠰᠠᠨ᠂ ᠨᠤᠷᠠᠭᠠᠭᠰᠠᠨ᠂ ᠰᠢᠯᠵᠢᠭᠦᠯᠦᠭᠰᠡᠨ᠂ | ᠪᠠᠯᠠᠯᠤᠨ ᠵᠠᠰᠠᠭᠰᠠᠨ᠂ ᠬᠠᠯᠬᠠᠯᠠᠭᠰᠠᠨ᠂ ᠡᠪᠳᠡᠭᠰᠡᠨ ᠪᠤᠯ ᠭᠠᠵᠠᠷ ᠤᠨ ᠨᠡᠷᠡᠰ ᠤᠨ ᠲᠡᠮᠳᠡᠭ ᠪᠠᠶᠢᠷᠢᠯᠠᠭᠤᠯᠤᠭᠰᠠᠨ᠂ ᠬᠠᠮᠠᠭᠠᠯᠠᠭᠰᠠᠨ ᠪᠠ ᠬᠠᠮᠢᠶᠠᠷᠤᠭᠰᠠᠨ ᠰᠠᠯᠠᠭ᠎ᠠ | ᠮᠥᠴᠢᠷ ᠤᠨ ᠬᠢᠨ ᠵᠠᠷᠯᠢᠭᠳᠠᠨ ᠵᠠᠯᠠᠷᠠᠭᠤᠯᠭ᠎ᠠ ᠬᠢᠯᠭᠡᠬᠦ ᠶᠢᠨ ᠬᠠᠮᠲᠤ ᠬᠠᠷᠢᠭᠤᠴᠠᠯᠭ᠎ᠠ ᠲᠠᠢ ᠬᠥᠮᠥᠨ ᠢ 1000 ᠠᠴᠠ 5000 ᠲᠥᠭᠦᠷᠢᠭ ᠤᠨ ᠲᠤᠳᠤᠷ᠎ᠠ | ᠵᠣᠭᠤᠰ ᠢᠶᠠᠷ ᠲᠤᠷᠭᠠᠨ᠎ᠠ᠃ | ᠭᠤᠴᠢ ᠶᠢᠰᠦᠳᠦᠭᠡᠷ ᠵᠦᠢᠯ᠄ ᠬᠦᠨᠳᠡᠯᠡᠨ ᠤ ᠪᠠᠶᠢᠭᠤᠯᠤᠮᠵᠢ ᠨᠢ ᠭᠠᠵᠠᠷ ᠤᠨ ᠨᠡᠷᠡᠰ ᠢ ᠨᠡᠷᠡᠶᠢᠳᠦᠭᠰᠡᠨ᠂ ᠬᠠᠯᠠᠭᠰᠠᠨ᠂ ᠬᠡᠷᠡᠭᠯᠡᠭᠰᠡᠨ᠂ ᠰᠣᠶᠣᠯ ᠤᠨ | ᠬᠠᠮᠠᠭᠠᠯᠠᠯᠲᠠ ᠵᠡᠷᠭᠡ ᠪᠠᠶᠢᠳᠠᠯ ᠢ ᠦᠨᠡᠯᠡᠭᠰᠡᠨ ᠬᠤᠳᠠᠯ ᠬᠠᠭᠤᠷᠮᠠᠭ ᠮᠡᠳᠡᠭᠦᠯᠦᠯᠲᠡ ᠭᠠᠷᠭᠠᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ | ᠠᠷᠠᠳ ᠤᠨ ᠵᠠᠰᠠᠭ ᠤᠨ ᠣᠷᠳᠣᠨ ᠤ ᠭᠠᠵᠠᠷ ᠤᠨ ᠨᠡᠷᠡᠰ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠰᠡᠷᠡᠮᠵᠢᠯᠡᠬᠦᠯᠤᠨ᠎ᠡ᠂ | ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠲᠠᠢ ᠪᠠᠶᠢᠪᠠᠯ᠂ ᠬᠠᠤᠯᠢ ᠶᠢᠨ ᠵᠦᠷᠢᠴᠡᠵᠤ ᠤᠯᠤᠬᠰᠠᠨ ᠣᠯᠵᠠ ᠠᠰᠢᠭ ᠢ ᠨᠢ ᠬᠤᠷᠢᠶᠠᠮᠵᠢᠯᠠᠨ᠎ᠠ᠃ ᠦᠢᠯᠡ | ᠪᠠᠶᠢᠳᠠᠯ ᠨᠢ ᠨᠣᠴᠢᠲᠠᠢ ᠪᠤᠯ ᠭᠠᠵᠠᠷ ᠤᠨ ᠨᠡᠷᠡᠰ ᠤᠨ ᠬᠠᠮᠢᠶ᠎ᠠ ᠪᠦᠬᠦᠢ ᠦᠨᠡᠯᠡᠯᠳᠡ ᠬᠢᠬᠦ ᠡᠷᠬᠡ ᠶᠢ ᠨᠢ 5 ᠵᠢᠯ ᠬᠠᠰᠤᠨ᠎ᠠ᠃ | ᠳᠥᠴᠢᠳᠦᠭᠡᠷ ᠵᠦᠢᠯ᠄ ᠠᠯᠪᠠᠨ ᠲᠤᠰᠢᠶᠠᠯᠲᠠᠨ ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠠᠵᠢᠯ ᠤᠨ ᠳᠤᠮᠳᠠ ᠡᠷᠬᠡ ᠲᠤᠰᠢᠶᠠᠯ ᠢᠶᠠᠨ | ᠳᠤᠷ᠎ᠠ ᠪᠠᠷ ᠢᠶᠠᠨ ᠬᠡᠷᠡᠭᠯᠡᠭᠰᠡᠨ᠂ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠭᠰᠠᠨ᠂ ᠬᠤᠪᠢ ᠶᠢᠨ ᠨᠠᠶᠢᠷ ᠬᠠᠷᠠᠵᠤ ᠬᠠᠤᠯᠢ ᠶᠣᠰᠣ ᠶᠢ ᠵᠥᠷᠢᠴᠡᠭᠰᠡᠨ | ᠠᠵᠢᠯᠯᠠᠭ᠎ᠠ ᠲᠠᠢ ᠪᠤᠯ ᠬᠠᠤᠯᠢ ᠶᠣᠰᠣᠭᠠᠷ ᠰᠢᠢᠳᠬᠡᠯ ᠦᠭᠭᠦᠨ᠎ᠡ᠃ | |