| | | ᠳᠥᠴᠢᠨ ᠨᠢᠭᠡᠳᠦᠭᠡᠷ ᠵᠦᠢᠯ᠄ ᠡᠯ᠎ᠡ ᠤᠯᠤᠰ ᠤᠨ ᠬᠠᠷᠢᠶᠠᠯᠠᠯ ᠤᠨ ᠬᠡᠪᠴᠢᠶᠡᠨ ᠠᠴᠠ ᠭᠠᠳᠠᠨᠠᠬᠢ ᠣᠷᠣᠨ ᠪᠦᠰᠡ ᠶᠢᠨ ᠭᠠᠵᠠᠷ ᠵᠦᠢ ᠶᠢᠨ ᠪᠣᠳᠠᠲᠤ | ᠴᠣᠭᠴᠠ ᠪᠠ ᠤᠳᠤᠨ ᠴᠣᠭᠴᠠᠰ ᠤᠨ ᠭᠠᠵᠠᠷ ᠵᠦᠢ ᠶᠢᠨ ᠪᠣᠳᠠᠲᠤ ᠴᠣᠭᠴᠠ ᠶᠢ ᠨᠡᠷᠡᠶᠢᠳᠬᠦ᠂ ᠨᠡᠷᠡᠰ ᠢ ᠨᠢ ᠬᠠᠯᠠᠬᠤ ᠳᠦᠷᠢᠮ ᠪᠠ ᠵᠢᠷᠤᠮ ᠢ ᠲᠦᠷᠦ ᠶᠢᠨ | ᠶᠠᠪᠤᠳᠠᠯ ᠤᠨ ᠬᠤᠷᠢᠶᠠᠨ ᠤ ᠭᠠᠵᠠᠷ ᠤᠨ ᠨᠡᠷᠡᠰ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠢᠨ ᠲᠠᠢ ᠬᠠᠮᠲᠤᠷᠠᠨ ᠲᠣᠭᠲᠠᠭᠠᠨ᠎ᠠ᠃ | ᠳᠥᠴᠢᠨ ᠬᠤᠶᠠᠳᠤᠭᠠᠷ ᠵᠦᠢᠯ᠄ ᠲᠤᠷᠠᠰᠬᠠᠯ ᠤᠨ ᠲᠥᠬᠦᠭᠡᠷᠦᠮᠵᠢ᠂ ᠪᠠᠭᠤᠷᠢ ᠶᠢ ᠨᠡᠷᠡᠶᠢᠳᠬᠦ᠂ ᠬᠠᠯᠠᠬᠤ ᠳᠤ ᠤᠯᠤᠰ ᠤᠨ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠭᠦᠢᠴᠡᠳᠬᠡᠨ᠎ᠡ᠃ | ᠳᠥᠴᠢᠨ ᠭᠤᠷᠪᠠᠳᠤᠭᠠᠷ ᠵᠦᠢᠯ᠄ ᠲᠥᠷᠥ ᠶᠢᠨ ᠶᠠᠪᠤᠳᠠᠯ ᠤᠨ ᠬᠤᠷᠢᠶᠠᠨ ᠤ ᠭᠠᠵᠠᠷ ᠤᠨ ᠨᠡᠷᠡᠰ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ | ᠰᠠᠯᠠᠭ᠎ᠠ ᠮᠥᠴᠢᠷ ᠤᠨ ᠬᠢᠨ ᠲᠤᠰ ᠳᠦᠷᠢᠮ ᠤᠨ ᠲᠣᠭᠲᠠᠭᠠᠯ ᠢ ᠦᠨᠳᠦᠰᠦᠯᠡᠨ ᠪᠣᠳᠠᠲᠠᠢ ᠬᠡᠷᠡᠭᠵᠢᠭᠦᠯᠬᠦ ᠠᠷᠭ᠎ᠠ ᠶᠢ ᠲᠣᠭᠲᠠᠭᠠᠵᠤ ᠪᠣᠯᠣᠨ᠎ᠠ᠃ | ᠳᠥᠴᠢᠨ ᠳᠥᠷᠪᠡᠳᠦᠭᠡᠷ ᠵᠦᠢᠯ᠄ ᠲᠤᠰ ᠳᠦᠷᠢᠮ ᠢ 2022 ᠣᠨ ᠤ 5 ᠳ᠋ᠤᠭᠠᠷ ᠰᠠᠷ᠎ᠠ ᠶᠢᠨ 1 ᠤ ᠡᠳᠦᠷ ᠠᠴᠠ ᠬᠡᠷᠡᠭᠵᠢᠭᠦᠯᠦᠨ᠎ᠡ᠃ | | | |