| | ᠨᠢᠭᠡᠳᠦᠭᠡᠷ ᠵᠦᠢᠯ᠄ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠢ ᠬᠤᠪᠢᠷᠠᠭᠤᠯᠬᠤ ᠶᠢ ᠲᠤᠰᠬᠠᠢ ᠮᠡᠷᠭᠡᠵᠢᠯᠲᠡᠨ ᠤ ᠨᠤᠲᠠᠯᠠᠬᠤ ᠠᠵᠢᠯ ᠢ ᠤᠯᠠᠮ | ᠵᠢᠷᠤᠮᠵᠢᠭᠤᠯᠬᠤ ᠶᠢᠨ ᠲᠦᠯᠤᠬᠡ ︽ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠤᠨ ᠬᠠᠮᠢᠶᠠᠷᠤᠯᠲᠠ ᠶᠢᠨ ᠳᠦᠷᠢᠮ︾ ︽ᠵᠠᠰᠠᠭ ᠵᠠᠬᠢᠷᠭᠠᠨ ᠤ ᠣᠷᠣᠨ | ᠬᠤᠪᠢᠶᠠᠷᠢᠯᠠᠯ ᠤᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠬᠦ ᠠᠷᠭ᠎ᠠ︾ ᠶᠢ ᠦᠨᠳᠦᠰᠦᠯᠡᠨ ᠲᠣᠰ ᠳᠦᠷᠢᠮ ᠢ ᠲᠣᠭᠲᠠᠭᠠᠪᠠ᠃ | ᠬᠤᠶᠠᠳᠤᠭᠠᠷ ᠵᠦᠢᠯ᠄ ︽ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠤᠨ ᠬᠠᠮᠢᠶᠠᠷᠤᠯᠲᠠ ᠶᠢᠨ ᠳᠦᠷᠢᠮ︾ ᠳᠤ ᠲᠣᠭᠲᠠᠭᠠᠭᠰᠠᠨ ᠵᠠᠰᠠᠭ ᠵᠠᠬᠢᠷᠭᠠᠨ ᠤ | ᠣᠷᠣᠨ ᠬᠤᠪᠢᠶᠠᠷᠢᠯᠠᠯ ᠢ ᠬᠤᠪᠢᠷᠠᠭᠤᠯᠬᠤ ᠵᠦᠢᠯᠡᠰ ᠢ ᠮᠡᠳᠡᠭᠦᠯᠬᠦ ᠳᠤ ᠲᠤᠰᠬᠠᠢ ᠮᠡᠷᠭᠡᠵᠢᠯᠲᠡᠨ ᠢᠶᠠᠷ ᠨᠤᠲᠠᠯᠠᠭᠤᠯᠬᠤ ᠬᠡᠷᠡᠭᠲᠡᠢ᠃ | ᠭᠤᠷᠪᠠᠳᠤᠭᠠᠷ ᠵᠦᠢᠯ᠄ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠨᠢ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠢ ᠬᠤᠪᠢᠷᠠᠭᠤᠯᠬᠤ | ᠲᠤᠰᠬᠠᠢ ᠮᠡᠷᠭᠡᠵᠢᠯᠲᠡᠨ ᠤ ᠨᠤᠲᠠᠯᠠᠬᠤ ᠳᠦᠷᠢᠮ ᠢ ᠪᠠᠶᠢᠭᠤᠯᠵᠤ᠂ ᠵᠠᠰᠠᠭ ᠵᠠᠬᠢᠷᠭᠠᠨ ᠤ ᠬᠤᠪᠢᠶᠠᠷᠢᠯᠠᠯ ᠢ ᠬᠤᠪᠢᠷᠠᠭᠤᠯᠬᠤ ᠲᠤᠰᠬᠠᠢ ᠮᠡᠷᠭᠡᠵᠢᠯᠲᠡᠨ ᠤ ᠨᠤᠲᠠᠯᠠᠬᠤ | ᠠᠵᠢᠯ ᠢ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ | ᠳᠥᠷᠪᠡᠳᠦᠭᠡᠷ ᠵᠦᠢᠯ᠄ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠢ ᠬᠤᠪᠢᠷᠠᠭᠤᠯᠬᠤ ᠲᠤᠰᠬᠠᠢ ᠮᠡᠷᠭᠡᠵᠢᠯᠲᠡᠨ ᠤ ᠨᠤᠲᠠᠯᠠᠯᠲᠠ ᠶᠢ ᠨᠤᠲᠠᠯᠠᠯᠲᠠ ᠶᠢᠨ | ᠬᠤᠷᠠᠯ ᠬᠢᠬᠦ᠂ ᠪᠢᠴᠢᠭ ᠢᠶᠠᠷ ᠯᠠᠪᠯᠠᠬᠤ᠂ ᠨᠠᠶᠢᠳᠠᠯᠭ᠎ᠠ ᠪᠠᠷ ᠯᠠᠪᠯᠠᠬᠤ ᠵᠡᠷᠭᠡ ᠠᠷᠭ᠎ᠠ ᠪᠠᠷ ᠶᠠᠪᠤᠭᠳᠠᠭᠤᠯᠵᠤ ᠪᠣᠯᠣᠨ᠎ᠠ᠃ | ᠲᠠᠪᠤᠳᠤᠭᠠᠷ ᠵᠦᠢᠯ᠄ ᠲᠤᠰᠬᠠᠢ ᠮᠡᠷᠭᠡᠵᠢᠯᠲᠡᠨ ᠤ ᠨᠤᠳᠠᠯᠠᠬᠤ ᠠᠭᠤᠯᠭ᠎ᠠ | ︵ᠨᠢᠭᠡ︶ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠢ ᠬᠤᠪᠢᠷᠠᠭᠤᠯᠬᠤ ᠶᠢᠨ ᠴᠢᠬᠤᠯᠠ ᠴᠢᠨᠠᠷ᠂ ᠰᠢᠨᠵᠢᠯᠡᠬᠦ ᠤᠬᠠᠭᠠᠨᠴᠢ ᠴᠢᠨᠠᠷ᠂ ᠵᠦᠢ | ᠶᠣᠰᠣᠴᠢ ᠴᠢᠨᠠᠷ᠃ | ︵ᠬᠤᠶᠠᠷ︶ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠢ ᠬᠤᠪᠢᠷᠠᠭᠤᠯᠤᠭᠰᠠᠨ ᠤ ᠠᠵᠤ ᠠᠬᠤᠢ ᠨᠡᠶᠢᠭᠡᠮ ᠤᠨ ᠦᠷ᠎ᠡ ᠠᠰᠢᠭ᠃ | ︵ᠭᠤᠷᠪᠠ︶ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠬᠤᠪᠢᠷᠠᠯᠲᠠ ᠶᠢᠨ ᠪᠣᠯᠣᠮᠵᠢᠲᠤ ᠴᠢᠨᠠᠷ ᠪᠠ ᠣᠷᠣᠰᠢᠵᠤ ᠮᠡᠳᠡᠬᠦ ᠲᠦᠭᠰᠢᠭᠦᠷᠢ᠃ | ︵ᠳᠥᠷᠪᠡ︶ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠤᠨ ᠬᠤᠪᠢᠷᠠᠭᠤᠯᠤᠯᠳᠠ ᠶᠢᠨ ᠲᠡᠦᠬᠡ ᠰᠣᠶᠣᠯ ᠤᠨ ᠤᠯᠠᠮᠵᠢᠯᠠᠯ ᠤᠨ ᠨᠥᠯᠥᠭᠡ᠃ | ︵ᠲᠠᠪᠤ︶ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠢ ᠬᠤᠪᠢᠷᠠᠭᠤᠯᠬᠤ ᠲᠥᠰᠥᠯ ᠪᠠ ᠵᠣᠬᠢᠶᠠᠨ ᠪᠠᠶᠢᠭᠤᠯᠵᠤ ᠬᠡᠷᠡᠭᠵᠢᠭᠦᠯᠬᠦ ᠲᠤᠬᠠᠢ ᠰᠠᠨᠠᠯ | ᠰᠠᠨᠠᠭᠤᠯᠭ᠎ᠠ᠃ | ︵ᠵᠢᠷᠭᠤᠭ᠎ᠠ︶ ᠪᠤᠰᠤᠳ ᠬᠠᠮᠢᠶ᠎ᠠ ᠪᠦᠬᠦᠢ ᠠᠭᠤᠯᠭ᠎ᠠ᠃ | ᠵᠢᠷᠭᠤᠳᠤᠭᠠᠷ ᠵᠦᠢᠯ᠄ ᠨᠤᠳᠠᠯᠠᠬᠤ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠬᠦ | ︵ᠨᠢᠭᠡ︶ ᠮᠡᠳᠡᠭᠦᠯᠬᠦ ᠵᠦᠢᠯᠡᠰ ᠲᠤ ᠬᠡᠷᠡᠭᠰᠡᠬᠦ ᠲᠤᠰᠬᠠᠢ ᠮᠡᠷᠭᠡᠵᠢᠯᠲᠡᠨ ᠤ ᠲᠥᠷᠥᠯ ᠢᠯᠭᠠᠯ ᠢ ᠦᠨᠳᠦᠰᠦᠯᠡᠨ ᠲᠤᠰᠬᠠᠢ ᠮᠡᠷᠭᠡᠵᠢᠯᠲᠡᠨ ᠤ | ᠬᠥᠮᠥᠷᠭᠡ ᠠᠴᠠ 5 ᠠᠴᠠ 7 ᠲᠤᠰᠬᠠᠢ ᠮᠡᠷᠭᠡᠵᠢᠯᠲᠡᠨ ᠢ ᠲᠣᠭᠲᠠᠭᠠᠨ᠎ᠠ︔ | ︵ᠬᠤᠶᠠᠷ︶ ᠲᠤᠰᠬᠠᠢ ᠮᠡᠷᠭᠡᠵᠢᠯᠲᠡᠨ ᠳᠤ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠤᠨ ᠬᠤᠪᠢᠷᠠᠯᠲᠠ ᠶᠢᠨ ᠵᠦᠢᠯᠡᠰ ᠢ ᠮᠡᠳᠡᠭᠦᠯᠬᠦ ᠬᠤᠯᠪᠣᠭᠳᠠᠯ | ᠪᠦᠬᠦᠢ ᠮᠡᠳᠡᠭᠦᠯᠦᠯᠲᠡ ᠶᠢᠨ ᠮᠠᠲ᠋ᠧᠷᠢᠶᠠᠯ ᠢ ᠬᠠᠩᠭᠠᠨ᠎ᠠ᠃ | ︵ᠭᠤᠷᠪᠠ︶ ᠲᠤᠰᠬᠠᠢ ᠮᠡᠷᠭᠡᠵᠢᠯᠲᠡᠨ ᠪᠡᠶ᠎ᠡ ᠪᠠᠨ ᠳᠠᠭᠠᠭᠠᠵᠤ ᠬᠢᠨᠠᠨ ᠪᠠᠶᠢᠴᠠᠭᠠᠵᠤ ᠰᠤᠳᠤᠯᠤᠨ᠎ᠠ᠃ | ︵ᠳᠥᠷᠪᠡ︶ ᠲᠤᠰᠬᠠᠢ ᠮᠡᠷᠭᠡᠵᠢᠯᠲᠡᠨ ᠤ ᠨᠤᠲᠠᠯᠠᠯᠲᠠ ᠶᠢᠨ ᠬᠤᠷᠠᠯ ᠬᠤᠷᠠᠯᠳᠤᠭᠤᠯᠵᠤ ᠲᠤᠰᠬᠠᠢ ᠮᠡᠷᠭᠡᠵᠢᠯᠲᠡᠨ ᠤ ᠰᠠᠨᠠᠯ ᠢ ᠰᠣᠨᠣᠰᠬᠤ ᠪᠤᠶᠤ | ᠲᠤᠰᠬᠠᠢ ᠮᠡᠷᠭᠡᠵᠢᠯᠲᠡᠨ ᠢᠶᠠᠷ ᠨᠤᠲᠠᠯᠠᠯᠲᠠ ᠶᠢᠨ ᠰᠠᠨᠠᠯ ᠢ ᠪᠢᠴᠢᠭ ᠢᠶᠠᠷ ᠬᠠᠩᠭᠠᠯᠭᠠᠨ᠎ᠠ᠃ | ︵ᠲᠠᠪᠤ︶ ᠲᠤᠰᠬᠠᠢ ᠮᠡᠷᠭᠡᠵᠢᠯᠲᠡᠨ ᠤ ᠰᠠᠨᠠᠯ ᠢ ᠦᠨᠳᠦᠰᠦᠯᠡᠨ ᠲᠤᠰᠬᠠᠢ ᠮᠡᠷᠭᠡᠵᠢᠯᠲᠡᠨ ᠤ ᠨᠤᠲᠠᠯᠠᠯᠲᠠ ᠶᠢᠨ ᠮᠡᠳᠡᠭᠦᠯᠦᠯᠲᠡ ᠶᠢ ᠪᠦᠷᠢᠯᠳᠦᠭᠦᠯᠦᠨ᠎ᠡ᠃ | | ᠳᠣᠯᠣᠳᠤᠭᠠᠷ ᠵᠦᠢᠯ᠄ ᠨᠤᠳᠠᠯᠠᠬᠤ ᠬᠤᠷᠠᠯ ᠤᠨ ᠵᠢᠷᠤᠮ | ︵ᠨᠢᠭᠡ︶ ᠵᠠᠰᠠᠭ ᠵᠠᠬᠢᠷᠭᠠᠨ ᠤ ᠬᠤᠪᠢᠶᠠᠷᠢᠯᠠᠯ ᠢ ᠬᠤᠪᠢᠷᠠᠭᠤᠯᠤᠭᠰᠠᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠤ ᠬᠠᠷᠢᠭᠤᠴᠠᠯᠭᠠᠲᠠᠨ ᠨᠢ | ᠵᠠᠰᠠᠭ ᠵᠠᠬᠢᠷᠭᠠᠨ ᠤ ᠬᠤᠪᠢᠶᠠᠷᠢᠯᠠᠯ ᠢ ᠬᠤᠪᠢᠷᠠᠭᠤᠯᠤᠭᠰᠠᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠬᠤ᠃ | ︵ᠬᠤᠶᠠᠷ︶ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠪᠦᠷᠢᠯᠳᠦᠭᠦᠨ ᠨᠠᠷ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠢ ᠬᠤᠪᠢᠷᠠᠭᠤᠯᠬᠤ | ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠲᠤᠯᠭᠠᠨ ᠠᠰᠠᠭᠤᠵᠤ᠂ ᠨᠤᠲᠠᠯᠠᠯᠲᠠ ᠶᠢᠨ ᠰᠠᠨᠠᠯ ᠢᠶᠠᠨ ᠨᠡᠶᠢᠲᠡᠯᠡᠨ᠎ᠡ᠃ | ︵ᠭᠤᠷᠪᠠ︶ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠪᠦᠷᠢᠯᠳᠦᠭᠦᠨ ᠨᠠᠷ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠢ ᠬᠤᠪᠢᠷᠠᠭᠤᠯᠬᠤ | ᠤᠴᠢᠷ ᠶᠠᠪᠤᠳᠠᠯ ᠢ ᠬᠠᠮᠲᠤᠷᠠᠨ ᠵᠥᠪᠯᠡᠨ᠎ᠡ᠃ | ︵ᠳᠥᠷᠪᠡ︶ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠪᠢᠴᠢᠭ ᠤᠨ ᠰᠠᠨᠠᠯ ᠢ ᠪᠦᠷᠢᠯᠳᠦᠭᠦᠯᠵᠦ᠂ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ | ᠪᠦᠷᠢᠯᠳᠦᠭᠦᠨ ᠨᠠᠷ ᠨᠤᠲᠠᠯᠠᠯᠲᠠ ᠶᠢᠨ ᠰᠠᠨᠠᠯ ᠳᠡᠭᠡᠷ᠎ᠡ ᠭᠠᠷ ᠤᠨ ᠦᠰᠦᠭ ᠵᠢᠷᠤᠭᠰᠠᠨ ᠤ ᠲᠠᠷᠠᠭ᠎ᠠ ᠨᠤᠲᠠᠯᠠᠯᠲᠠ ᠶᠢ ᠵᠣᠬᠢᠶᠠᠨ ᠪᠠᠶᠢᠭᠤᠯᠤᠭᠰᠠᠨ ᠠᠷᠠᠳ ᠤᠨ | ᠶᠠᠪᠤᠳᠠᠯ ᠤᠨ ᠰᠠᠯᠠᠭ᠎ᠠ ᠮᠥᠴᠢᠷ ᠲᠤ ᠳᠡᠪᠰᠢᠭᠦᠯᠦᠨ ᠲᠤᠰᠢᠶᠠᠨ᠎ᠠ᠃ | ᠨᠠᠢᠮᠠᠳᠤᠭᠠᠷ ᠵᠦᠢᠯ᠄ ᠲᠤᠰᠬᠠᠢ ᠮᠡᠷᠬᠡᠵᠢᠯᠳᠡᠨ ᠪᠢᠴᠢᠭ ᠢᠶᠠᠷ ᠯᠠᠪᠯᠠᠬᠤ ᠠᠷᠭ᠎ᠠ ᠪᠠᠷ ᠨᠤᠳᠠᠯᠠᠪᠠᠯ ᠲᠤᠰᠬᠠᠢ ᠮᠡᠷᠭᠡᠵᠢᠯᠲᠡᠨ ᠪᠡᠶ᠎ᠡ ᠪᠠᠨ ᠳᠠᠭᠠᠭᠠᠵᠤ ᠬᠢᠨᠠᠨ | ᠪᠠᠶᠢᠴᠠᠭᠠᠵᠤ ᠰᠤᠳᠤᠯᠤᠭᠰᠠᠨ ᠤ ᠲᠠᠷᠠᠭ᠎ᠠ ᠪᠢᠴᠢᠭᠯᠡᠭᠰᠡᠨ ᠰᠠᠨᠠᠯ ᠢᠶᠠᠨ ᠲᠤᠰᠢᠶᠠᠵᠤ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠨᠢ ᠲᠤᠰᠬᠠᠢ ᠮᠡᠷᠭᠡᠵᠢᠯᠲᠡᠨ ᠤ | ᠨᠤᠲᠠᠯᠠᠯᠲᠠ ᠶᠢᠨ ᠮᠡᠳᠡᠭᠦᠯᠦᠯᠲᠡ ᠶᠢ ᠬᠤᠷᠢᠶᠠᠩᠭᠤᠶᠢᠯᠠᠨ ᠪᠦᠷᠢᠯᠳᠦᠭᠦᠯᠦᠨ᠎ᠡ᠃ | ᠶᠢᠰᠦᠳᠦᠭᠡᠷ ᠵᠦᠢᠯ᠄ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠢ ᠬᠤᠪᠢᠷᠠᠭᠤᠯᠬᠤ ᠪᠠᠷ ᠮᠡᠳᠡᠭᠦᠯᠬᠦ ᠵᠦᠢᠯᠡᠰ ᠢ ᠬᠦᠨᠳᠡᠯᠡᠨ ᠤ ᠪᠠᠶᠢᠭᠤᠯᠤᠮᠵᠢ ᠳᠤ | ᠨᠠᠶᠢᠳᠠᠵᠤ ᠯᠠᠪᠯᠠᠭᠤᠯᠤᠨ ᠨᠤᠲᠠᠯᠠᠭᠤᠯᠤᠭᠰᠠᠨ ᠪᠤᠯ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠨᠢ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠴᠤ | ᠦᠭᠭᠦ ᠠᠷᠭ᠎ᠠ ᠪᠠᠷ ᠯᠠᠪᠯᠠᠭ᠎ᠠ ᠦᠢᠯᠡᠴᠢᠯᠡᠭᠡᠨ ᠤ ᠠᠵᠢᠯ ᠲᠥᠷᠥᠯ ᠤᠨ ᠬᠢᠷᠢ ᠬᠡᠮ ᠲᠠᠢ ᠪᠠ ᠨᠥᠬᠦᠴᠡᠯ ᠳᠤ ᠨᠡᠶᠢᠴᠡᠬᠦ ᠲᠤᠰᠬᠠᠢ ᠮᠡᠷᠭᠡᠵᠢᠯᠲᠡᠨ ᠤ ᠬᠦᠨᠳᠡᠯᠡᠨ ᠤ | ᠪᠠᠶᠢᠭᠤᠯᠤᠮᠵᠢ ᠳᠤ ᠨᠠᠶᠢᠳᠠᠵᠤ ᠨᠤᠲᠠᠯᠠᠭᠤᠯᠵᠤ ᠪᠣᠯᠣᠨ᠎ᠠ᠃ ᠨᠤᠲᠠᠯᠠᠬᠤ ᠵᠢᠷᠤᠮ ᠢ ᠳᠣᠯᠣᠳᠤᠭᠠᠷ ᠵᠦᠢᠯ ᠤᠨ ᠲᠣᠭᠲᠠᠭᠠᠯ ᠶᠣᠰᠣᠭᠠᠷ ᠶᠠᠪᠤᠭᠤᠯᠤᠨ᠎ᠠ᠃ | ᠠᠷᠪᠠᠳᠤᠭᠠᠷ ᠵᠦᠢᠯ᠄ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ | ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠢ ᠬᠤᠪᠢᠷᠠᠭᠤᠯᠬᠤ ᠶᠢ ᠨᠤᠲᠠᠯᠠᠬᠤ ᠲᠤᠰᠬᠠᠢ ᠮᠡᠷᠬᠡᠵᠢᠯᠳᠡᠨ ᠤ ᠬᠦᠮᠦᠷᠬᠡ ᠪᠠᠶᠢᠭᠤᠯᠬᠤ ᠶᠤᠰᠤᠳᠠᠢ᠃ ᠨᠥᠬᠦᠴᠡᠯ ᠲᠠᠢ | ᠠᠶᠢᠮᠠᠭ ᠬᠤᠲᠠ ᠨᠢ ᠠᠶᠢᠮᠠᠭ ᠬᠤᠲᠠ ᠶᠢᠨ ᠱᠠᠲᠤᠨ ᠤ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠢ ᠬᠤᠪᠢᠷᠠᠭᠤᠯᠬᠤ ᠶᠢ ᠨᠤᠲᠠᠯᠠᠬᠤ ᠲᠤᠰᠬᠠᠢ ᠮᠡᠷᠭᠡᠵᠢᠯᠲᠡᠨ ᠤ | ᠬᠥᠮᠥᠷᠭᠡ ᠶᠢ ᠵᠣᠬᠢᠶᠠᠨ ᠪᠠᠶᠢᠭᠤᠯᠵᠤ ᠪᠣᠯᠣᠨ᠎ᠠ᠃ ᠠᠶᠢᠮᠠᠭ ᠬᠤᠲᠠ ᠪᠤᠯᠤᠨ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠵᠠᠰᠠᠭ ᠵᠠᠬᠢᠷᠭᠠᠨ ᠤ ᠣᠷᠣᠨ | ᠬᠤᠪᠢᠶᠠᠷᠢᠯᠠᠯ ᠢ ᠬᠤᠪᠢᠷᠠᠭᠤᠯᠬᠤ ᠲᠤᠰᠬᠠᠢ ᠮᠡᠷᠭᠡᠵᠢᠯᠲᠡᠨ ᠤ ᠨᠤᠲᠠᠯᠠᠯᠲᠠ ᠶᠢ ᠵᠣᠬᠢᠶᠠᠨ ᠪᠠᠶᠢᠭᠤᠯᠬᠤ ᠳᠤ ᠪᠠᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ | ᠣᠷᠣᠨ ᠬᠤᠪᠢᠶᠠᠷᠢᠯᠠᠯ ᠢ ᠬᠤᠪᠢᠷᠠᠭᠤᠯᠬᠤ ᠨᠤᠲᠠᠯᠠᠯᠲᠠ ᠶᠢᠨ ᠲᠤᠰᠬᠠᠢ ᠮᠡᠷᠭᠡᠵᠢᠯᠲᠡᠨ ᠤ ᠬᠥᠮᠥᠷᠭᠡ ᠠᠴᠠ ᠲᠤᠰᠬᠠᠢ ᠮᠡᠷᠭᠡᠵᠢᠯᠲᠡᠨ ᠢ ᠰᠣᠩᠭᠤᠨ ᠠᠪᠴᠤ ᠪᠣᠯᠣᠨ᠎ᠠ᠃ | ᠠᠷᠪᠠᠨ ᠨᠢᠭᠡᠳᠦᠭᠡᠷ ᠵᠦᠢᠯ᠄ ᠲᠤᠰᠬᠠᠢ ᠮᠡᠷᠭᠡᠵᠢᠯᠲᠡᠨ ᠤ ᠬᠥᠮᠥᠷᠭᠡ ᠨᠢ ᠤᠯᠤᠰ ᠲᠦᠷᠦ᠂ ᠠᠵᠤ ᠠᠬᠤᠢ᠂ ᠲᠡᠦᠬᠡ᠂ ᠰᠣᠶᠣᠯ᠂ ᠭᠠᠵᠠᠷ ᠵᠦᠢ᠂ | ᠦᠨᠳᠦᠰᠦᠲᠡᠨ᠂ ᠬᠠᠤᠯᠢ ᠴᠠᠭᠠᠵᠠ᠂ ᠤᠯᠠᠨ ᠨᠡᠶᠢᠲᠡ ᠶᠢᠨ ᠬᠠᠮᠢᠶᠠᠷᠤᠯᠲᠠ᠂ ᠬᠤᠳᠠ ᠶᠢᠨ ᠲᠥᠯᠦᠪᠵᠢᠭᠦᠯᠭᠡ᠂ ᠨᠡᠶᠢᠭᠡᠮ ᠤᠨ ᠵᠠᠰᠠᠯᠲᠠ ᠵᠡᠷᠭᠡ ᠤᠨᠤᠯ ᠤᠨ | ᠰᠤᠳᠤᠯᠭᠠᠨ ᠪᠤᠶᠤ ᠦᠢᠯᠡᠳᠦᠯᠭᠡ ᠶᠢᠨ ᠠᠵᠢᠯ ᠬᠢᠵᠦ ᠪᠠᠶᠢᠭ᠎ᠠ ᠲᠤᠰᠬᠠᠢ ᠮᠡᠷᠭᠡᠵᠢᠯ ᠤᠨ ᠠᠵᠢᠯᠲᠠᠨ ᠢᠶᠠᠷ ᠪᠦᠷᠢᠯᠳᠦᠨ᠎ᠡ᠃ | ᠠᠷᠪᠠᠨ ᠬᠤᠶᠠᠳᠤᠭᠠᠷ ᠵᠦᠢᠯ᠄ ᠲᠤᠰᠬᠠᠢ ᠮᠡᠷᠭᠡᠵᠢᠯᠲᠡᠨ ᠲᠠᠷᠠᠭᠠᠬᠢ ᠨᠥᠬᠦᠴᠡᠯ ᠤᠳ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠢ᠄ | ︵ᠨᠢᠭᠡ︶ ᠨᠡᠯᠢᠶᠡᠳ ᠥᠨᠳᠥᠷ ᠤᠯᠤᠰ ᠲᠦᠢᠷᠦ ᠶᠢᠨ ᠬᠡᠪ ᠴᠢᠨᠠᠷ ᠲᠠᠢ᠂ ᠴᠢᠩᠭ᠎ᠠ ᠬᠠᠷᠢᠭᠤᠴᠠᠯᠭᠠᠲᠤ ᠰᠡᠳᠬᠢᠯᠭᠡ ᠪᠠ ᠠᠵᠢᠯ ᠦᠢᠯᠡᠰ ᠲᠤ ᠪᠠᠨ | ᠵᠢᠳᠬᠦᠳᠡᠭ᠂ ᠴᠢᠩᠭ᠎ᠠ ᠨᠢᠮᠪᠠᠢ ᠰᠢᠨᠵᠢᠯᠡᠬᠦ ᠤᠬᠠᠭᠠᠨᠴᠢ ᠵᠣᠷᠢᠭ ᠰᠠᠨᠠᠭ᠎ᠠ ᠲᠠᠢ᠂ ᠲᠤᠬᠠᠶᠢᠯᠠᠭᠰᠠᠨ ᠠᠵᠢᠯ ᠤᠨ ᠰᠠᠶᠢᠨ ᠰᠠᠶᠢᠬᠠᠨ ᠶᠣᠰᠣ ᠮᠣᠷᠠᠯ ᠲᠠᠢ ᠪᠠᠶᠢᠬᠤ᠃ | ︵ᠬᠤᠶᠠᠷ︶ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠢ ᠬᠤᠪᠢᠷᠠᠭᠤᠯᠬᠤ ᠠᠵᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠬᠤᠯᠪᠣᠭᠳᠠᠯ | ᠪᠦᠬᠦᠢ ᠲᠦᠷᠦ ᠶᠢᠨ ᠪᠣᠳᠣᠯᠭ᠎ᠠ ᠶᠢ ᠰᠠᠶᠢᠨ ᠮᠡᠳᠡᠬᠦ᠃ | ︵ᠭᠤᠷᠪᠠ︶ ᠡᠯᠪᠡᠭ ᠪᠠᠶᠠᠯᠢᠭ ᠤᠨᠦᠯ ᠤᠨ ᠮᠡᠳᠡᠯᠭᠡ ᠪᠠ ᠪᠣᠳᠠᠲᠤ ᠪᠣᠯᠪᠠᠰᠤᠷᠠᠯ ᠤᠨ ᠲᠤᠷᠰᠢᠯᠭ᠎ᠠ ᠲᠠᠢ᠂ ᠬᠢᠵᠦ ᠪᠠᠶᠢᠭ᠎ᠠ ᠠᠵᠢᠯ ᠤᠨ ᠬᠦᠷᠢᠶ᠎ᠡ | ᠴᠠᠷᠠᠭᠠᠨ ᠳᠤ ᠪᠠᠨ ᠲᠣᠪᠤᠶᠢᠮ᠎ᠠ ᠠᠮᠵᠢᠯᠲᠠ ᠣᠯᠵᠤ᠂ ᠨᠡᠯᠢᠶᠡᠳ ᠨᠡᠷ᠎ᠡ ᠬᠦᠨᠳᠦ ᠲᠠᠢ᠂ ᠨᠡᠯᠢᠶᠡᠳ ᠶᠡᠷᠦᠩᠬᠡᠶᠢᠯᠡᠨ ᠰᠤᠳᠤᠯᠬᠤ᠂ ᠵᠠᠳᠠᠯᠤᠨ ᠮᠠᠭᠠᠳᠯᠠᠬᠤ | ᠴᠢᠳᠠᠪᠤᠷᠢ ᠲᠠᠢ ᠪᠠᠶᠢᠬᠤ᠃ | ︵ᠳᠥᠷᠪᠡ︶ ᠲᠤᠬᠠᠶᠢᠯᠠᠭᠰᠠᠨ ᠠᠵᠢᠯ ᠤᠨ ᠰᠠᠶᠢᠨ ᠰᠠᠶᠢᠬᠠᠨ ᠬᠡᠪ ᠪᠣᠯᠪᠠᠰᠤᠷᠠᠯ ᠲᠠᠢ᠂ ᠵᠠᠷᠴᠢᠮ ᠢ ᠪᠠᠷᠢᠮᠲᠠᠯᠠᠨ᠂ ᠲᠥᠪ ᠭᠤᠣᠯᠴᠢ ᠠᠷᠢᠭᠤᠨ | ᠴᠢᠭᠴᠢ᠂ ᠤᠯᠤᠰ ᠤᠨ ᠨᠢᠭᠤᠴᠠ ᠶᠢ ᠬᠠᠮᠠᠭᠠᠯᠠᠬᠤ᠃ | ᠠᠷᠪᠠᠨ ᠭᠤᠷᠪᠠᠳᠤᠭᠠᠷ ᠵᠦᠢᠯ᠄ ᠲᠤᠰᠬᠠᠢ ᠮᠡᠷᠭᠡᠵᠢᠯᠲᠡᠨ ᠪᠣᠯᠣᠨ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠤᠨ ᠬᠤᠪᠢᠷᠠᠭᠰᠠᠨ ᠭᠠᠵᠠᠷ ᠨᠢ ᠠᠰᠢᠭ | ᠬᠤᠣᠷ ᠤᠨ ᠬᠠᠷᠢᠴᠠᠭ᠎ᠠ ᠲᠠᠢ ᠪᠤᠶᠤ ᠨᠤᠲᠠᠯᠠᠯᠲᠠ ᠶᠢᠨ ᠦᠷ᠎ᠡ ᠳ᠋ᠦᠩ ᠤᠨ ᠲᠥᠪ ᠭᠤᠣᠯᠴᠢ ᠪᠠᠶᠢᠬᠤ ᠶᠢ ᠨᠥᠯᠥᠭᠡᠯᠡᠵᠦ ᠮᠡᠳᠡᠬᠦ ᠪᠤᠰᠤᠳ ᠬᠠᠷᠢᠴᠠᠭ᠎ᠠ ᠲᠠᠢ ᠪᠤᠯ | ᠰᠠᠨᠠᠭᠠᠴᠢᠯᠠᠭ᠎ᠠ ᠠᠴᠠ ᠪᠠᠨ ᠵᠠᠶᠢᠯᠠᠬᠤ ᠬᠡᠷᠡᠭᠲᠡᠢ᠃ ᠲᠤᠰᠬᠠᠢ ᠮᠡᠷᠭᠡᠵᠢᠯᠲᠡᠨ ᠠᠳᠠᠯᠢ ᠨᠢᠭᠡᠨ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠢ ᠬᠤᠪᠢᠷᠠᠭᠤᠯᠬᠤ ᠤᠴᠢᠷ | ᠶᠠᠪᠤᠳᠠᠯ ᠳᠤ ᠵᠥᠪᠬᠡᠨ ᠨᠢᠭᠡ ᠯᠡ ᠤᠳᠠᠭ᠎ᠠ ᠲᠤᠰᠬᠠᠢ ᠮᠡᠷᠭᠡᠵᠢᠯᠲᠡᠨ ᠤ ᠨᠤᠲᠠᠯᠠᠯᠲᠠ ᠬᠢᠬᠦ ᠳᠤ ᠣᠷᠣᠯᠴᠠᠵᠤ ᠪᠣᠯᠣᠨ᠎ᠠ᠃ | ᠠᠷᠪᠠᠨ ᠳᠥᠷᠪᠡᠳᠦᠭᠡᠷ ᠵᠦᠢᠯ᠄ ᠨᠤᠲᠠᠯᠠᠯᠲᠠ ᠶᠢ ᠵᠣᠬᠢᠶᠠᠨ ᠪᠠᠶᠢᠭᠤᠯᠤᠭᠰᠠᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ | ᠨᠤᠲᠠᠯᠠᠯᠲᠠ ᠶᠢᠨ ᠢᠯᠡ ᠴᠢᠨᠠᠷ᠂ ᠲᠥᠪ ᠭᠤᠣᠯᠴᠢ ᠴᠢᠨᠠᠷ᠂ ᠬᠦᠴᠦᠨ ᠪᠦᠬᠦᠢ ᠴᠢᠨᠠᠷ ᠲᠤ ᠬᠠᠷᠢᠭᠤᠴᠠᠨ᠎ᠠ᠃ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ | ᠨᠤᠲᠠᠯᠠᠯᠲᠠ ᠶᠢᠨ ᠬᠤᠷᠠᠯ ᠤᠨ ᠵᠢᠷᠤᠮ ᠤᠨ ᠲᠣᠭᠲᠠᠭᠠᠯ ᠢ ᠵᠥᠷᠢᠴᠡᠭᠰᠡᠨ ᠪᠣᠯ ᠨᠤᠲᠠᠯᠠᠯᠲᠠ ᠶᠢ ᠲᠡᠬᠢᠵᠦ ᠵᠣᠬᠢᠶᠠᠨ ᠪᠠᠶᠢᠭᠤᠯᠬᠤ ᠬᠡᠷᠡᠭᠲᠡᠢ᠃ ᠲᠤᠰᠬᠠᠢ ᠮᠡᠷᠭᠡᠵᠢᠯᠲᠡᠨ | ᠪᠤᠶᠤ ᠨᠤᠲᠠᠯᠠᠯᠲᠠ ᠶᠢᠨ ᠠᠵᠢᠯ ᠢ ᠡᠭᠦᠷᠭᠡᠯᠡᠵᠦ ᠪᠠᠶᠢᠭ᠎ᠠ ᠬᠦᠨᠳᠡᠯᠡᠨ ᠤ ᠪᠠᠶᠢᠭᠤᠯᠤᠮᠵᠢ ᠨᠢ ᠨᠤᠲᠠᠯᠠᠯᠲᠠ ᠶᠢᠨ ᠠᠵᠢᠯᠯᠠᠭ᠎ᠠ ᠶᠢᠨ ᠪᠡᠶ᠎ᠡ ᠪᠠᠨ ᠳᠠᠭᠠᠭᠠᠬᠤ ᠴᠢᠨᠠᠷ᠂ ᠲᠥᠪ | ᠭᠤᠣᠯᠴᠢ ᠴᠢᠨᠠᠷ᠂ ᠪᠤᠰᠤᠳᠴᠢ ᠴᠢᠨᠠᠷ ᠲᠤ ᠬᠠᠷᠢᠭᠤᠴᠠᠨ᠎ᠠ᠃ ᠠᠵᠢᠯ ᠮᠡᠷᠭᠡᠵᠢᠯ ᠤᠨ ᠶᠣᠰᠣ ᠮᠣᠷᠠᠯ ᠪᠠ ᠲᠣᠰ ᠳᠦᠷᠢᠮ ᠤᠨ ᠲᠣᠭᠲᠠᠭᠠᠯ ᠠᠴᠠ ᠵᠥᠷᠢᠴᠡᠭᠰᠡᠨ ᠪᠤᠯ | ᠬᠠᠮᠢᠶ᠎ᠠ ᠪᠦᠬᠦᠢ ᠵᠦᠢᠯᠡᠰ ᠤᠨ ᠨᠤᠲᠠᠯᠠᠯᠲᠠ ᠶᠢ ᠬᠦᠴᠦᠨ ᠦᠭᠡᠢ ᠪᠣᠯᠭᠠᠬᠤ ᠶᠢᠨ ᠬᠠᠮᠲᠤ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ ᠪᠤᠶᠤ ᠪᠠᠶᠢᠭᠤᠯᠤᠮᠵᠢ ᠶᠢᠨ ᠵᠠᠰᠠᠭ | ᠵᠠᠬᠢᠷᠭᠠᠨ ᠤ ᠣᠷᠣᠨ ᠬᠤᠪᠢᠶᠠᠷᠢᠯᠠᠯ ᠤᠨ ᠠᠵᠢᠯ ᠳᠤ ᠣᠷᠣᠯᠴᠠᠬᠤ ᠬᠢᠷᠢ ᠬᠡᠮ ᠢ ᠬᠦᠴᠦᠨ ᠦᠭᠡᠢ ᠪᠣᠯᠭᠠᠨ᠎ᠠ᠃ ᠨᠤᠴᠢᠳᠠᠢ ᠮᠠᠭᠤ ᠨᠥᠯᠥᠭᠡ ᠭᠠᠷᠭᠠᠭᠰᠠᠨ ᠪᠤᠯ | ᠬᠠᠮᠢᠶ᠎ᠠ ᠪᠦᠬᠦᠢ ᠲᠣᠭᠲᠠᠭᠠᠯ ᠶᠣᠰᠣᠭᠠᠷ ᠵᠣᠬᠢᠬᠤ ᠬᠠᠷᠢᠭᠤᠴᠠᠯᠭ᠎ᠠ ᠨᠡᠬᠡᠮᠵᠢᠯᠡᠨ᠎ᠡ᠃ ᠮᠡᠳᠡᠭᠦᠯᠦᠭᠰᠡᠨ ᠲᠠᠯ᠎ᠠ ᠨᠢ ᠲᠤᠰᠢᠶᠠᠭᠰᠠᠨ ᠮᠠᠲ᠋ᠧᠷᠢᠶᠠᠯ ᠤᠨ ᠪᠥᠬᠦ ᠲᠠᠯ᠎ᠠ ᠶᠢᠨ | ᠴᠢᠨᠠᠷ᠂ ᠦᠨᠡᠨ ᠪᠣᠳᠠᠲᠤ ᠴᠢᠨᠠᠷ᠂ ᠬᠦᠴᠦᠨ ᠪᠦᠬᠦᠢ ᠴᠢᠨᠠᠷ ᠲᠤ ᠬᠠᠷᠢᠭᠤᠴᠠᠨ᠎ᠠ᠃ ᠬᠠᠩᠭᠠᠭᠰᠠᠨ ᠮᠠᠲ᠋ᠧᠷᠢᠶᠠᠯ ᠨᠢ ᠱᠠᠭᠠᠷᠳᠠᠯᠭ᠎ᠠ ᠳᠤ ᠨᠡᠶᠢᠴᠡᠬᠦ ᠦᠭᠡᠢ ᠪᠤᠯ | ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠵᠠᠷᠯᠢᠭᠳᠠᠨ ᠪᠤᠴᠠᠭᠠᠯᠭᠠᠵᠤ ᠨᠥᠬᠦᠪᠦᠷᠢᠯᠡᠨ ᠵᠠᠯᠠᠷᠠᠭᠤᠯᠤᠭᠤᠯᠵᠤ᠂ ᠬᠤᠳᠠᠯ ᠬᠠᠭᠤᠷᠮᠠᠭ ᠮᠠᠲ᠋ᠧᠷᠢᠶᠠᠯ | ᠬᠠᠩᠭᠠᠭᠰᠠᠨ ᠦᠢᠯᠡ ᠠᠵᠢᠯᠯᠠᠭ᠎ᠠ ᠶᠢ ᠵᠠᠷᠯᠠᠨ ᠰᠢᠭᠦᠮᠵᠢᠯᠡᠵᠦ ᠪᠣᠯᠣᠨ᠎ᠠ᠃ | ᠠᠷᠪᠠᠨ ᠲᠠᠪᠤᠳᠤᠭᠠᠷ ᠵᠦᠢᠯ᠄ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠢ ᠬᠤᠪᠢᠷᠠᠭᠤᠯᠬᠤ | ᠲᠤᠰᠬᠠᠢ ᠮᠡᠷᠭᠡᠵᠢᠯᠲᠡᠨ ᠤ ᠨᠤᠲᠠᠯᠠᠯᠲᠠ ᠶᠢᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ᠵᠢᠷᠤᠮ ᠶᠣᠰᠣᠭᠠᠷ ᠡᠪᠬᠡᠮᠡᠯᠯᠡᠨ ᠲᠠᠩᠰᠠ | ᠡᠪᠬᠡᠮᠡᠯ ᠳᠤ ᠣᠷᠣᠭᠤᠯᠵᠤ᠂ ᠲᠣᠬᠢᠲᠠᠢ ᠬᠠᠳᠠᠭᠠᠯᠠᠬᠤ ᠬᠡᠷᠡᠭᠲᠡᠢ᠃ | ᠠᠷᠪᠠᠨ ᠵᠢᠷᠭᠤᠳᠤᠭᠠᠷ ᠵᠦᠢᠯ᠄ ᠲᠤᠰ ᠳᠦᠷᠢᠮ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ |