ᠬᠤᠩ ᠮᠧᠶ ᠵᠢᠩ 2023 ᠣᠨ ᠤ ︽ᠳᠤᠮᠳᠠᠳᠤ ᠤᠯᠤᠰ ᠤᠨ ᠠᠮᠢᠳᠤ ᠪᠣᠳᠠᠰ ᠤᠨ ᠬᠦᠷᠢᠶᠠᠨ ᠤ ᠬᠠᠮᠠᠭᠠᠯᠠᠯᠲᠠ ᠶᠢᠨ ᠣᠷᠣᠨ ᠤ ᠰᠦᠯᠵᠢᠶ᠎ᠡ ︵CBRN ︶᠎ ᠶᠢᠨ ᠪᠦᠷᠢᠯᠳᠦᠬᠦᠨ · ᠵᠠᠯᠠᠭᠤᠴᠤᠳ ᠤᠨ ᠰᠢᠨᠵᠢᠯᠡᠬᠦ ᠤᠬᠠᠭᠠᠨ ᠤ ᠱᠠᠩᠨᠠᠯ︾᠎ ᠢ ᠭᠥᠷᠳᠡᠪᠡ
ᠨᠡᠶᠢᠲᠡᠯᠡᠭᠰᠡᠨ ᠴᠠᠭ᠄
2023/12/1
          2023 ᠣᠨ ᠤ 11 ᠰᠠᠷ᠎ᠠ ᠶᠢᠨ 28᠎ ᠤ ᠡᠳᠦᠷ᠂ ᠳᠤᠮᠳᠠᠳᠤ ᠤᠯᠤᠰ ᠤᠨ ᠠᠮᠢᠳᠤ ᠪᠣᠳᠠᠰ ᠤᠨ ᠬᠦᠷᠢᠶᠡᠨ ᠤ ᠬᠠᠮᠠᠭᠠᠯᠠᠯᠲᠠ ᠶᠢᠨ ᠣᠷᠣᠨ ᠤ ᠰᠦᠯᠵᠢᠶᠡᠨ ᠤ ᠪᠦᠷᠢᠯᠳᠦᠬᠦᠨ ᠤ 24 ᠳ᠋ᠦ᠋ᠭᠡᠷ ᠬᠤᠭᠤᠴᠠᠭᠠᠨ ᠤ ᠶᠡᠭᠡ ᠬᠤᠷᠠᠯ ᠵᠢᠴᠢ ᠳᠤᠮᠳᠠᠳᠤ ᠤᠯᠤᠰ ᠤᠨ ᠬᠥᠮᠦᠨ ᠪᠠ ᠠᠮᠢᠳᠤ ᠪᠣᠳᠠᠰ ᠤᠨ ᠬᠦᠷᠢᠶᠠᠨ ᠳᠤ ᠣᠷᠣᠬᠤ ᠲᠥᠯᠥᠪᠯᠡᠭᠡ ᠶᠢᠨ 50 ᠵᠢᠯ ᠤᠨ ᠣᠶ᠂ ᠳᠤᠮᠳᠠᠳᠤ ᠤᠯᠤᠰ ᠤᠨ ᠠᠮᠢᠳᠤ ᠪᠣᠳᠠᠰ ᠤᠨ ᠬᠦᠷᠢᠶᠠᠨ ᠤ ᠬᠠᠮᠠᠭᠠᠯᠠᠯᠲᠠ ᠶᠢᠨ ᠣᠷᠣᠨ ᠤ ᠰᠦᠯᠵᠢᠶ᠎ᠡ ᠪᠠᠶᠢᠭᠤᠯᠤᠭᠳᠠᠭᠰᠠᠨ 30 ᠵᠢᠯ ᠤᠨ ᠣᠶ ᠶᠢᠨ ᠶᠡᠭᠡ ᠬᠤᠷᠠᠯ ᠬᠤᠸᠠᠩᠱᠠᠨ ᠤ ᠳᠡᠯᠡᠬᠡᠶ ᠶᠢᠨ ᠠᠮᠢᠳᠤ ᠪᠣᠳᠠᠰ ᠤᠨ ᠬᠦᠷᠢᠶᠠᠨ ᠤ ᠬᠠᠮᠠᠭᠠᠯᠠᠯᠲᠠ ᠶᠢᠨ ᠣᠷᠣᠨ ᠳᠤ ᠦᠪᠡᠳᠡᠭᠰᠢ ᠶᠡᠬᠡᠪᠡᠷ ᠡᠬᠢᠯᠡᠪᠡ᠃ ᠰᠠᠶᠢᠬᠠᠨ ᠬᠠᠨ ᠠᠭᠤᠯᠠ ᠶᠢᠨ ᠳᠡᠯᠡᠬᠡᠢ ᠶᠢᠨ ᠠᠮᠢᠳᠤ ᠪᠣᠳᠠᠰ ᠤᠨ ᠬᠦᠷᠢᠶᠠᠨ ᠤ ᠬᠠᠮᠠᠭᠠᠯᠠᠯᠲᠠ ᠶᠢᠨ ᠣᠷᠣᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠬᠢᠨᠠᠨ ᠬᠡᠮᠵᠢᠬᠦ ᠠᠵᠢᠯᠳᠠᠨ ᠬᠤᠩ ᠮᠧᠢ ᠵᠢᠩ 2023 ᠣᠨ ᠤ ᠳᠤᠮᠳᠠᠳᠤ ᠤᠯᠤᠰ ᠤᠨ ᠠᠮᠢᠳᠤ ᠪᠣᠳᠠᠰ ᠤᠨ ᠬᠦᠷᠢᠶᠠᠨ ᠤ ᠬᠠᠮᠠᠭᠠᠯᠠᠯᠲᠠ ᠶᠢᠨ ᠣᠷᠣᠨ ᠤ ᠰᠦᠯᠵᠢᠶ᠎ᠡ ︵CBRN︶᠎ ᠶᠢᠨ ᠪᠦᠷᠢᠯᠳᠦᠬᠦᠨ · ᠵᠠᠯᠠᠭᠤᠴᠤᠳ ᠤᠨ ᠰᠢᠨᠵᠢᠯᠡᠬᠦ ᠤᠬᠠᠭᠠᠨ ᠤ ᠱᠠᠩᠨᠠᠯ ᠢ ᠬᠦᠷᠳᠡᠪᠡ᠃           ᠬᠤᠩ ᠮᠧᠶ ᠵᠢᠩ᠂ ᠤᠯᠠᠭᠠᠨᠬᠠᠳᠠ ᠬᠤᠲᠠ ᠶᠢᠨ ᠰᠠᠶᠢᠬᠠᠨ ᠬᠠᠨ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠢᠨᠠᠨ ᠬᠡᠮᠵᠢᠬᠦ ᠰᠠᠯᠠᠭ᠎ᠠ ᠶᠢᠨ ᠳᠠᠷᠤᠭ᠎ᠠ᠂ ᠮᠥᠨ ᠴᠦ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠪᠠᠭᠠᠷᠢᠨ ᠪᠠᠷᠠᠭᠤᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠭᠡᠰᠢᠭᠦᠨ ᠪᠣᠯᠤᠨ᠎ᠠ᠃ ᠠᠮᠢ ᠠᠬᠤᠢ ᠶᠢ ᠬᠠᠮᠠᠭᠠᠯᠠᠬᠤ ᠵᠠᠮ ᠳᠡᠭᠡᠷ᠎ᠡ᠂ ᠲᠡᠷᠡ ᠡᠮᠡᠭᠲᠡᠶᠢᠴᠦᠳ ᠲᠤ ᠯᠡ ᠪᠠᠶᠢᠳᠠᠭ ᠬᠠᠳᠠᠨ ᠵᠣᠷᠢᠭ ᠪᠠ ᠡᠷᠡᠰ ᠵᠣᠷᠢᠭ ᠢᠶᠠᠷ ᠡᠬᠡ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠬᠠᠮᠠᠭᠠᠯᠠᠬᠤ ᠬᠠᠮᠤᠭ ᠤᠨ ᠡᠮᠦᠨ᠎ᠡ ᠹᠷᠣᠨᠲ ᠲᠤ ᠴᠢᠷᠮᠠᠶᠢᠨ ᠲᠡᠮᠡᠴᠡᠪᠡ᠃
1.jpg
         ᠠᠷᠪᠠ ᠭᠠᠷᠤᠢ ᠵᠢᠯ ᠤᠨ ᠲᠤᠷᠰᠢ᠂ ᠬᠤᠩ ᠮᠧᠢ ᠵᠢᠩ ᠢᠮᠠᠭᠲᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠤᠯᠤᠰ ᠤᠨ ᠤᠷᠢᠶᠠᠯᠠᠭ᠎ᠠ ᠶᠢ ᠴᠤᠤᠷᠢᠶᠠᠲᠤᠨ ᠳᠠᠭᠠᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠦᠢᠯᠡᠰ ᠲᠤ ᠬᠦᠴᠦ ᠪᠠᠨ ᠡᠷᠭᠦᠭᠰᠡᠭᠡᠷ ᠢᠷᠡᠪᠡ᠃ ᠰᠠᠶᠢᠬᠠᠨ ᠬᠠᠨ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠡᠨᠡᠬᠦ ᠨᠢᠭᠡᠳᠦᠭᠡᠷ ᠹᠷᠣᠨᠲ ᠤᠨ ᠠᠵᠢᠯ ᠤᠨ ᠪᠠᠶᠢᠷᠢ ᠳᠡᠭᠡᠷ᠎ᠡ᠂ ᠲᠡᠷᠡ ᠲᠤᠭ᠎ᠠ ᠲᠣᠮᠰᠢ ᠦᠭᠡᠢ ᠤᠯᠠᠨ ᠤᠶᠤᠨ ᠤᠬᠠᠭᠠᠨ ᠬᠦᠴᠦ ᠬᠥᠯᠥᠰᠥ ᠪᠠᠨ ᠰᠢᠪᠬᠠᠵᠤ᠂ ᠡᠨᠡᠬᠦ ᠥᠷᠭᠡᠨ ᠠᠭᠤᠳᠠᠮ ᠤᠢ ᠰᠢᠭᠤᠢ ᠲᠠᠯ᠎ᠠ ᠨᠤᠲᠤᠭ ᠢ ᠲᠣᠪ ᠳᠤᠭᠤᠢ ᠪᠠᠷ ᠰᠠᠬᠢᠨ ᠬᠠᠮᠠᠭᠠᠯᠠᠵᠤ ᠪᠠᠶᠢᠯ᠎ᠠ᠃          ᠰᠢᠨᠵᠢᠯᠡᠬᠦ ᠤᠬᠠᠭᠠᠨ ᠤ ᠰᠤᠳᠤᠯᠭᠠᠨ ᠤ ᠬᠢᠨᠠᠨ ᠬᠡᠮᠵᠢᠬᠦ ᠰᠠᠯᠠᠭ᠎ᠠ ᠶᠢᠨ ᠳᠠᠷᠤᠭ᠎ᠠ ᠪᠣᠯᠤᠭᠰᠠᠨ ᠤ ᠬᠤᠪᠢ ᠳᠤ᠂ ᠲᠡᠷᠡ ᠬᠠᠮᠠᠭᠠᠯᠠᠯᠲᠠ ᠶᠢᠨ ᠣᠷᠣᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠬᠢᠨᠠᠨ ᠬᠡᠮᠵᠢᠯᠲᠡ᠂ ᠣᠷᠴᠢᠨ ᠲᠣᠭᠤᠷᠢᠨ ᠤ ᠬᠠᠮᠠᠭᠠᠯᠠᠯᠲᠠ᠂ ᠬᠠᠮᠠᠭᠠᠯᠠᠯᠲᠠ ᠶᠢᠨ ᠣᠷᠣᠨ ᠤ ᠲᠣᠭᠠᠴᠢᠯᠠᠭᠰᠠᠨ ᠪᠦᠳᠦᠭᠡᠨ ᠪᠠᠶᠢᠭᠤᠯᠤᠯᠲᠠ ᠵᠡᠷᠭᠡ ᠤᠯᠠᠨ ᠵᠦᠢᠯ ᠤᠨ ᠴᠢᠬᠤᠯᠠ ᠠᠵᠢᠯ ᠢ ᠡᠭᠦᠷᠭᠡᠯᠡᠪᠡ᠃ ᠲᠦᠷᠦᠯ ᠵᠦᠢᠯ ᠨᠢᠭᠡᠪᠦᠷᠢ ᠨᠢ ᠲᠡᠭᠦᠨ ᠤ ᠤᠶᠤᠨ ᠤᠬᠠᠭᠠᠨ ᠪᠠ ᠴᠢᠷᠮᠠᠶᠢᠯᠭ᠎ᠠ ᠶᠢ ᠰᠢᠩᠭᠡᠭᠡᠵᠦ᠂ ᠦᠷ᠎ᠡ ᠪᠦᠲᠦᠭᠡᠯ ᠨᠢᠭᠡᠪᠦᠷᠢ ᠨᠢ ᠴᠥᠮ ᠲᠡᠭᠦᠨ ᠤ ᠬᠠᠷᠠᠮ ᠦᠭᠡᠢ ᠵᠢᠳᠬᠦᠭᠰᠡᠨ ᠢ ᠬᠠᠷᠠᠭᠤᠯᠪᠠ᠃
2.jpg
         2017 ᠣᠨ ᠳᠤ᠂ ᠲᠡᠭᠦᠨ ᠤ ᠣᠷᠣᠯᠴᠠᠭᠰᠠᠨ ︽ᠰᠠᠶᠢᠬᠠᠨ ᠬᠠᠨ ᠠᠭᠤᠯᠠ ᠶᠢᠨ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠡᠭᠡᠷ᠎ᠡ ᠶᠢᠨ ᠠᠮᠢᠲᠠᠨ ᠤ ᠤᠯᠠᠨ ᠶᠠᠩᠵᠤᠲᠤ ᠴᠢᠨᠠᠷ ᠤᠨ ᠬᠢᠨᠠᠨ ᠬᠠᠮᠢᠶᠠᠷᠤᠯᠲᠠ ᠶᠢᠨ ᠲᠦᠷᠢᠮ ᠪᠣᠯᠤᠨ ᠬᠠᠮᠠᠭᠠᠯᠠᠯᠲᠠ ᠶᠢᠨ ᠮᠡᠷᠭᠡᠵᠢᠯ ᠤᠨ ᠰᠤᠳᠤᠯᠭᠠᠨ︾᠎ ᠤ ᠲᠦᠷᠦᠯ ᠵᠦᠢᠯ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠠᠪᠰᠢᠯᠳᠠ ᠶᠢᠨ ᠡᠨᠡᠬᠦ ᠦᠷ᠎ᠡ ᠪᠦᠲᠦᠭᠡᠯ ᠨᠢ ᠬᠤᠩ ᠮᠧᠢ ᠵᠢᠩ ᠤᠨ ᠠᠵᠢᠯ ᠢ ᠨᠤᠲᠠᠯᠠᠭᠰᠠᠨ ᠢᠶᠠᠷ ᠪᠠᠷᠠᠬᠤ ᠦᠭᠡᠢ᠂ ᠨᠡᠩ ᠴᠤ ᠲᠡᠭᠦᠨ ᠤ ᠠᠮᠢ ᠠᠬᠤᠢ ᠶᠢᠨ ᠬᠠᠮᠠᠭᠠᠯᠠᠯᠲᠠ ᠶᠢᠨ ᠬᠦᠷᠢᠶᠡᠨ ᠳᠠᠬᠢ ᠳᠤᠪᠤᠶᠢᠮ᠎ᠠ ᠬᠤᠪᠢ ᠨᠡᠮᠡᠷᠢ ᠶᠢ ᠮᠡᠳᠡᠷᠡᠭᠰᠡᠨ ᠪᠠᠶᠢᠨ᠎ᠠ᠃          ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠠᠴᠠ ᠭᠠᠳᠠᠨ᠎ᠠ᠂ ᠬᠤᠩ ᠮᠧᠢ ᠵᠢᠩ ᠪᠠᠰᠠ ᠤᠢ ᠰᠢᠭᠤᠢ ᠵᠢᠴᠢ ᠭᠤᠣᠯᠳᠠᠯᠭ᠎ᠠ ᠲᠠᠢ ᠢᠨᠵᠧᠨᠧᠷᠢᠩ ᠤᠨ ᠲᠦᠷᠦᠯ ᠵᠦᠢᠯ ᠳᠤ ᠢᠳᠡᠪᠬᠢᠲᠡᠢ ᠣᠷᠣᠯᠴᠠᠪᠠ᠃ ᠲᠡᠷᠡ ᠰᠠᠶᠢᠬᠠᠨ ᠬᠠᠨ ᠠᠭᠤᠯᠠ ᠶᠢᠨ ᠤᠢ ᠰᠢᠭᠤᠢ ᠶᠢᠨ ᠡᠬᠢ ᠪᠠᠶᠠᠯᠢᠭ ᠢ ᠴᠡᠪᠡᠷᠯᠡᠨ ᠪᠠᠶᠢᠴᠠᠭᠠᠬᠤ ᠪᠦᠬᠦ ᠠᠵᠢᠯ ᠢ ᠪᠡᠶ᠎ᠡ ᠪᠠᠨ ᠳᠠᠭᠠᠭᠠᠨ ᠪᠡᠶᠡᠯᠡᠭᠦᠯᠦᠭᠰᠡᠨ ᠪᠥᠭᠡᠳ ᠤᠷᠢᠳ ᠬᠤᠵᠢᠳ ᠤᠢ ᠰᠢᠭᠤᠢ ᠶᠢᠨ ᠡᠵᠡᠩᠨᠡᠯᠲᠡ ᠶᠢᠨ ᠲᠥᠰᠦᠯ᠂ ᠤᠢ ᠰᠢᠭᠤᠢ ᠶᠢᠨ ᠬᠥᠨᠥᠭᠡᠯᠲᠦ ᠠᠮᠢᠳᠤ ᠪᠣᠳᠠᠰ ᠢ ᠰᠡᠷᠭᠡᠶᠢᠯᠡᠨ ᠵᠠᠰᠠᠬᠤ ᠲᠥᠰᠦᠯ᠂ ᠲᠦᠷᠦᠯ ᠵᠦᠢᠯ ᠤᠨ ᠪᠣᠯᠤᠮᠵᠢᠲᠤ ᠰᠤᠳᠤᠯᠭᠠᠨ ᠤ ᠮᠡᠳᠡᠭᠦᠯᠦᠯᠲᠡ᠂ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢ ᠨᠠᠶᠢᠷᠠᠭᠤᠯᠤᠨ ᠪᠢᠴᠢᠬᠦ ᠪᠠ ᠲᠣᠭᠲᠠᠭᠠᠬᠤ ᠳᠤ ᠣᠷᠣᠯᠴᠠᠪᠠ᠃ ᠲᠡᠷᠠ ᠵᠠᠩᠭᠢᠯᠠᠭ᠎ᠠ ᠶᠢᠨ ᠲᠦᠷᠦᠯ ᠵᠦᠢᠯ ᠪᠣᠯᠭᠠᠨ ᠳᠤ ᠢᠳᠡᠪᠬᠢᠲᠡᠢ ᠠᠵᠢᠯᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠬᠠᠮᠠᠭᠠᠯᠠᠯᠲᠠ ᠶᠢᠨ ᠣᠷᠣᠨ ᠤ ᠦᠷᠭᠦᠯᠵᠢᠯᠡᠬᠦ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠵᠡᠢ᠃
3.jpg
         ᠥᠪᠡᠷᠲᠡᠭᠡᠨ ᠰᠤᠷᠤᠯᠴᠠᠬᠤ ᠪᠠᠷ ᠳᠡᠮᠵᠢᠨ᠂ ᠬᠤᠩ ᠮᠧᠶ ᠵᠢᠩ MAPTOOL᠂ ARCGIS᠎ ᠤᠨ ᠭᠠᠵᠠᠷ ᠤᠨ ᠵᠢᠷᠤᠭ ᠵᠢᠷᠤᠬᠤ ᠵᠥᠭᠡᠯᠡᠨ ᠲᠣᠨᠤᠭ ᠤᠨ ᠬᠡᠷᠡᠭᠯᠡᠯᠲᠡ ᠶᠢ ᠪᠣᠯᠪᠠᠰᠤᠷᠠᠩᠭᠤᠶ ᠡᠵᠡᠮᠰᠢᠵᠦ᠂ ᠣᠯᠠᠨ ᠲᠣᠭᠠᠨ ᠤ ᠭᠠᠵᠠᠷ ᠤᠨ ᠮᠡᠳᠡᠭᠡ ᠵᠠᠩᠭᠢ ᠶᠢᠨ ᠲᠠᠯ᠎ᠠ ᠶᠢᠨ ᠴᠢᠳᠠᠪᠤᠷᠢᠲᠠᠨ ᠢ ᠬᠥᠮᠦᠵᠢᠭᠦᠯᠵᠦ᠂ ᠨᠢᠭᠡᠨ ᠪᠣᠯᠪᠠᠰᠤᠷᠠᠩᠭᠤᠶ ᠲᠤᠰᠬᠠᠶ ᠮᠡᠷᠭᠡᠵᠢᠯ ᠤᠨ ᠡᠩᠨᠡᠭᠡ ᠶᠢ ᠵᠣᠬᠢᠶᠠᠨ ᠪᠠᠶᠢᠭᠤᠯᠪᠠ᠃ ᠲᠡᠷᠡ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠵᠢᠴᠢ ᠲᠤᠰᠬᠠᠢ ᠮᠡᠷᠭᠡᠵᠢᠯ ᠤᠨ ᠮᠡᠳᠡᠯᠭᠡ ᠲᠠᠢ ᠤᠶᠠᠯᠳᠤᠭᠤᠯᠤᠨ᠂ ᠪᠠᠶᠢᠭᠠᠯᠢ ᠶᠢᠨ ᠰᠤᠷᠭᠠᠨ ᠬᠥᠮᠦᠵᠢᠯ ᠤᠨ ᠬᠢᠴᠢᠶᠡᠯ ᠢ ᠰᠤᠳᠤᠯᠤᠨ ᠲᠣᠭᠲᠠᠭᠠᠭᠰᠠᠨ ᠪᠥᠭᠡᠳ ︽ᠪᠦᠬᠦ ᠤᠯᠤᠰ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ ᠬᠥᠮᠦᠵᠢᠯ ᠤᠨ ᠰᠠᠭᠤᠷᠢᠨ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ︾ ᠵᠡᠷᠭᠡ ᠪᠠᠶᠢᠭᠠᠯᠢ ᠶᠢᠨ ᠰᠤᠷᠭᠠᠨ ᠬᠥᠮᠦᠵᠢᠯ ᠤᠨ ᠤᠯᠠᠨ ᠲᠠᠪᠴᠠᠩ ᠢ ᠠᠮᠵᠢᠯᠲᠠ ᠲᠠᠢ ᠭᠤᠶᠤᠴᠢᠯᠠᠨ ᠮᠡᠳᠡᠭᠦᠯᠵᠡᠢ᠃ ᠡᠳᠡᠭᠡᠷ ᠠᠷᠭ᠎ᠠ ᠬᠡᠮᠵᠢᠶ᠎ᠡ ᠨᠢ ᠰᠠᠶᠢᠬᠠᠨ ᠬᠠᠨ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ ᠬᠥᠮᠦᠵᠢᠯ ᠪᠣᠯᠤᠨ ᠤᠯᠠᠨ ᠨᠡᠶᠢᠲᠡ ᠶᠢᠨ ᠤᠬᠠᠭᠤᠯᠭ᠎ᠠ ᠶᠢᠨ ᠠᠵᠢᠯ ᠢ ᠬᠦᠴᠦᠲᠡᠢ ᠠᠬᠢᠭᠤᠯᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠴᠢᠬᠤᠯᠠ ᠴᠢᠨᠠᠷ ᠢ ᠨᠡᠩ ᠤᠯᠠᠨ ᠬᠥᠮᠦᠰ ᠲᠤ ᠣᠶᠢᠯᠠᠭᠠᠭᠤᠯᠤᠨ ᠠᠩᠬᠠᠷᠤᠭᠤᠯᠵᠠᠢ᠃          ᠬᠤᠩ ᠮᠧᠶ ᠵᠢᠩ ᠤᠨ ᠠᠵᠢᠯ ᠤᠨ ᠦᠷ᠎ᠡ ᠪᠦᠲᠦᠭᠡᠯ ᠨᠢ ᠬᠠᠮᠠᠭᠠᠯᠠᠯᠲᠠ ᠶᠢᠨ ᠣᠷᠣᠨ ᠤ ᠰᠢᠨᠵᠢᠯᠡᠬᠦ ᠤᠬᠠᠭᠠᠨ ᠤ ᠰᠤᠳᠤᠯᠭᠠᠨ ᠪᠠ ᠤᠬᠠᠭᠤᠯᠭ᠎ᠠ ᠬᠥᠮᠦᠵᠢᠯ ᠳᠤ ᠪᠠᠲᠤ ᠪᠠᠬᠢ ᠰᠠᠭᠤᠷᠢ ᠲᠠᠯᠪᠢᠵᠤ ᠥᠭᠭᠦᠭᠰᠡᠨ ᠢᠶᠠᠷ ᠪᠠᠷᠠᠬᠤ ᠥᠬᠡᠶ᠂ ᠪᠠᠰᠠ ᠰᠠᠶᠢᠬᠠᠨ ᠬᠠᠨ ᠠᠭᠤᠯᠠ ᠶᠢᠨ ᠪᠡᠶ᠎ᠡ ᠪᠠᠨ ᠳᠠᠭᠠᠭᠠᠭᠰᠠᠨ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠬᠠᠭᠤᠳᠠᠰᠤ ᠶᠢ ᠨᠡᠭᠡᠭᠡᠭᠰᠡᠨ ᠪᠠᠶᠢᠨ᠎ᠠ᠃ ᠲᠡᠭᠦᠨ ᠤ ᠴᠢᠷᠮᠠᠶᠢᠯᠭ᠎ᠠ ᠨᠢ ᠨᠤᠲᠠᠯᠠᠯᠲᠠ ᠪᠠ ᠠᠴᠢ ᠬᠠᠷᠢᠭᠤᠯᠲᠠ ᠶᠢ ᠣᠯᠵᠤ᠂ 2022 ᠣᠨ ᠠᠴᠠ 2023 ᠣᠨ ᠪᠣᠯᠲᠠᠯᠠᠬᠢ ᠬᠤᠭᠤᠴᠠᠭᠠᠨ ᠳᠤ᠂ ᠲᠡᠷᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠢᠯᠢᠳᠡᠭ ᠪᠦᠲᠦᠭᠡᠯ ᠤᠨ ᠱᠠᠩᠨᠠᠯ᠂ ᠬᠡᠷᠡᠭᠯᠡᠭᠡᠨ ᠤ ᠰᠢᠨ᠎ᠡ ᠬᠡᠯᠪᠡᠷᠢ ᠶᠢᠨ ᠲᠤᠰᠬᠠᠢ ᠠᠰᠢᠭ᠂ ᠤᠢ ᠮᠣᠳᠣᠨ ᠤ ᠰᠠᠶᠢᠨ ᠡᠭᠦᠯᠳᠡᠷ ᠵᠡᠷᠭᠡ ᠤᠯᠠᠨ ᠵᠦᠢᠯ ᠤᠨ ᠢᠷᠠᠭᠤ ᠠᠯᠳᠠᠷ ᠢ ᠬᠦᠷᠳᠡᠵᠡᠢ᠃ ᠡᠳᠡᠭᠡᠷ ᠢᠷᠠᠭᠤ ᠠᠯᠳᠠᠷ ᠤᠨ ᠠᠷᠤ ᠳᠤ ᠲᠡᠭᠦᠨ ᠤ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠪᠠ ᠭᠤᠶᠠᠴᠢ ᠦᠭᠡᠢ ᠴᠢᠷᠮᠠᠶᠢᠯᠭ᠎ᠠ ᠪᠠᠶᠢᠬᠤ ᠪᠥᠭᠡᠳ ᠪᠠᠰᠠ ᠴᠤ ᠲᠡᠭᠦᠨ ᠤ ᠤᠯᠠᠨ ᠵᠢᠯ ᠤᠨ ᠲᠤᠷᠰᠢ ᠠᠮᠢ ᠠᠬᠤᠢ ᠶᠢᠨ ᠬᠠᠮᠠᠭᠠᠯᠠᠯᠲᠠ ᠶᠢᠨ ᠦᠢᠯᠡᠰ ᠲᠤ ᠬᠦᠴᠦ ᠪᠠᠨ ᠡᠷᠭᠦᠭᠰᠡᠨ ᠤ ᠬᠠᠮᠤᠭ ᠤᠨ ᠰᠠᠶᠢᠨ ᠨᠤᠲᠠᠯᠠᠯᠲᠠ ᠪᠣᠯᠤᠨ᠎ᠠ᠃ 
4.jpg
         ᠬᠤᠩ ᠮᠧᠶ ᠵᠢᠩ ᠢᠯᠡᠷᠬᠡᠶᠢᠯᠡᠬᠦ ᠳᠡᠭᠡᠨ᠂ ᠰᠠᠶᠢᠬᠠᠨ ᠬᠠᠨ ᠠᠭᠤᠯᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠬᠦᠮ ᠢ ᠳᠠᠭᠠᠭᠤᠯᠤᠨ ᠥᠷᠭᠡᠨ ᠠᠭᠤᠳᠠᠮ ᠤᠢ ᠰᠢᠭᠤᠢ ᠲᠠᠯ᠎ᠠ ᠨᠤᠲᠤᠭ ᠤᠨ ᠳᠤᠮᠳᠠ ᠦᠨᠳᠦᠰᠦᠯᠡᠵᠦ᠂ ᠵᠠᠯᠠᠭᠤ ᠨᠠᠰᠤ ᠪᠠ ᠬᠦᠴᠦ ᠬᠥᠯᠥᠰᠥ ᠪᠠᠨ ᠰᠠᠶᠢᠬᠠᠨ ᠬᠠᠨ ᠠᠭᠤᠯᠠ ᠶᠢᠨ ᠢᠮᠠᠬᠤ ᠭᠠᠵᠠᠷ ᠪᠣᠯᠭᠠᠨ ᠳᠤ ᠤᠷᠤᠰᠬᠠᠵᠤ᠂ ᠤᠢ ᠰᠢᠭᠤᠢ ᠪᠣᠯᠭᠠᠨ ᠳᠤ ᠰᠡᠶᠢᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠢᠷ ᠢᠶᠠᠷ ᠬᠠᠮᠠᠭᠠᠯᠠᠯᠲᠠ ᠶᠢᠨ ᠭᠦᠨ ᠨᠣᠭᠤᠭᠠᠨ ᠦᠩᠭᠡ ᠶᠢ ᠵᠢᠷᠤᠭᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠤᠨ ᠬᠠᠯᠠᠭᠤᠨ ᠰᠡᠳᠬᠢᠯᠭᠡ ᠪᠠᠷ ᠡᠭᠡ ᠤᠯᠤᠰ ᠤᠨ ᠤᠮᠠᠷᠠᠲᠤ ᠬᠢᠯᠢ ᠳᠤ ᠰᠠᠶᠢᠬᠠᠨ ᠬᠠᠨ ᠠᠭᠤᠯᠠ ᠶᠢᠨ ᠨᠣᠭᠤᠭᠠᠨ ᠤᠷᠳᠤ ᠴᠠᠭᠠᠨ ᠬᠡᠷᠡᠮ ᠢ ᠴᠣᠭᠴᠠᠯᠠᠨ᠎ᠠ᠃ ᠡᠳᠡᠭᠡᠷ ᠢᠷᠠᠭᠤ ᠠᠯᠳᠠᠷ ᠪᠠ ᠠᠮᠵᠢᠯᠲᠠ ᠪᠦᠲᠦᠮᠵᠢ ᠨᠢ ᠵᠥᠪᠬᠡᠨ ᠲᠡᠭᠦᠨ ᠤ ᠦᠷᠭᠦᠯᠵᠢᠯᠡᠨ ᠤᠷᠤᠭᠰᠢᠯᠠᠬᠤ ᠶᠢᠨ ᠡᠬᠢᠯᠡᠯᠲᠡ ᠲᠡᠳᠦᠶ ᠶᠤᠮ᠂ ᠲᠡᠭᠦᠨ ᠤ ᠬᠠᠷᠠᠯᠲᠠ ᠪᠣᠯ ᠨᠡᠩ ᠰᠠᠶᠢᠨ ᠰᠠᠶᠢᠬᠠᠨ ᠠᠮᠢ ᠠᠬᠤᠶ ᠶᠢᠨ ᠣᠷᠴᠢᠨ ᠨᠥᠬᠦᠴᠡᠯ ᠢ ᠪᠤᠢ ᠪᠣᠯᠭᠠᠵᠤ᠂ ᠨᠡᠩ ᠤᠯᠠᠨ ᠬᠥᠮᠦᠨ ᠳᠤ ᠡᠬᠡ ᠪᠠᠶᠢᠭᠠᠯᠢ ᠶᠢᠨ ᠷᠢᠳᠢ ᠰᠢᠳᠢ ᠪᠠ ᠦᠨ᠎ᠡ ᠦᠷᠳᠡᠭ ᠢ ᠮᠡᠳᠡᠷᠡᠭᠦᠯᠬᠦ ᠶᠠᠪᠤᠳᠠᠯ ᠪᠣᠯᠤᠨ᠎ᠠ ᠭᠡᠵᠠᠢ᠃  
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ