| | | ᠣᠶᠢᠷ᠎ᠠ ᠳᠤ ᠰᠣᠷᠪᠤᠯᠵᠢᠯᠠᠬᠴᠢ ᠮᠠᠯᠴᠢᠨ ᠲᠠᠷᠢᠶᠠᠴᠢᠳ ᠤᠨ ᠡᠪᠡᠰᠣ ᠪᠤᠷᠳᠤᠭ᠎ᠠ ᠨᠦᠬᠡᠴᠡᠯᠡᠵᠦ ᠪᠠᠶᠢᠬᠤ ᠲᠤᠬᠠᠢ ᠰᠣᠷᠪᠤᠯᠵᠢᠯᠠᠭ᠎ᠠ ᠠᠪᠬᠤ ᠪᠠᠷ ᠪᠠᠭᠠᠷᠢᠨ | ᠪᠠᠷᠠᠭᠤᠨ ᠬᠤᠰᠢᠭᠤᠨ ᠤ ᠰᠢᠷᠠᠮᠥ᠋ᠷᠡᠨ ᠰᠣᠮᠤᠨ ᠤ ᠭᠤᠣᠯ ᠤᠨ ᠠᠶᠢᠯ ᠭᠠᠴᠠᠭ᠎ᠠ ᠳᠤ ᠬᠦᠷᠬᠦ ᠳᠤ ᠮᠠᠯᠴᠢᠨ ᠮᠦᠩᠭᠡ ᠶᠢᠨ ᠬᠢᠨ ᠣᠳᠣᠬᠢᠴᠢᠯᠠᠬᠰᠠᠨ ᠮᠠᠰᠢᠨ | ᠲᠦᠬᠦᠬᠡᠷᠣᠮᠵᠢ ᠶᠢ ᠠᠰᠢᠬᠯᠠᠨ ᠮᠠᠯ ᠳᠤ ᠪᠠᠨ ᠡᠪᠡᠰᠣ ᠪᠤᠷᠳᠤᠭ᠎ᠠ ᠦᠭᠴᠦ ᠪᠠᠶᠢᠬᠤ ᠲᠠᠢ ᠨᠢ ᠲᠠᠭᠠᠷᠠᠯᠳᠣᠯᠠ᠃ | | | | | | | | | | | | | | ᠰᠢᠷᠠᠮᠥ᠋ᠷᠡᠨ ᠰᠣᠮᠤ ᠨᠢ ᠮᠠᠯ ᠠᠵᠦ ᠠᠬᠤᠢ ᠶᠢᠨ ᠴᠢᠨᠡᠷ ᠰᠠᠶᠢᠳᠡᠢ ᠬᠦᠭᠵᠢᠯᠳᠡ ᠶᠢ ᠠᠬᠢᠭᠤᠯᠵᠦ᠂ ᠲᠡᠷᠢᠵᠦ ᠲᠡᠵᠢᠬᠡᠬᠦ ᠶᠢ ᠣᠶᠠᠯᠳᠣᠭᠤᠯᠤᠨ ᠂ ᠮᠠᠯ ᠤᠨ | ᠦᠪᠡᠷ ᠤᠨ ᠦᠷᠳᠡᠭ ᠢ ᠪᠠᠭᠤᠷᠠᠭᠤᠯᠬᠤ ᠠᠷᠭ᠎ᠠ ᠣᠬᠠᠭᠠᠨ ᠢ ᠲᠠᠰᠣᠷᠠᠯᠳᠠ ᠦᠬᠡᠢ ᠬᠠᠶᠢᠨ ᠰᠦᠪᠡᠭᠴᠢᠯᠡᠵᠦ᠂ ᠮᠠᠯᠴᠢᠨ ᠲᠠᠷᠢᠶᠠᠴᠢᠳ ᠢ ᠲᠠᠶᠢᠴᠢᠯᠠᠨ ᠰᠢᠨ᠎ᠡ | ᠴᠠᠭ ᠦᠶ᠎ᠡ ᠶᠢᠨ ᠬᠦᠭᠵᠢᠯᠳᠡ ᠲᠠᠢ ᠣᠶᠠᠯᠳᠣᠭᠤᠯᠤᠨ ᠮᠠᠯᠵᠢᠬᠤ ᠶᠢ ᠲᠦᠬᠡᠮᠡᠯᠵᠢᠬᠦᠯᠥᠨ᠂ ᠦᠨᠳᠣᠷ ᠦᠷ᠎ᠡ ᠠᠰᠢᠭ ᠬᠦᠷᠳᠡᠵᠦ ᠪᠠᠶᠢᠨ᠎ᠠ᠃ ᠮᠦᠩᠭᠡ 2017 | ᠣᠨ ᠠᠴᠠ ᠡᠬᠢᠯᠡᠵᠦ ᠰᠢᠯᠢᠳᠡᠭ ᠡᠬᠦᠯᠳᠡᠷ ᠤᠨ ᠦᠬᠡᠷ ᠲᠡᠵᠢᠬᠡᠬᠦ ᠵᠠᠮ ᠢ ᠡᠷᠢᠯᠬᠢᠯᠡᠵᠦ᠂ ᠣᠳᠣ ᠪᠤᠯᠬᠤ ᠳᠤ ᠨᠡᠶᠢᠳᠡ ᠲᠠᠯᠠᠭᠠᠳ ᠰᠢᠯᠢᠳᠡᠭ ᠡᠬᠦᠯᠳᠡᠷ ᠤᠨ ᠦᠬᠡᠷ | ᠲᠡᠵᠢᠬᠡᠵᠦ ᠪᠠᠶᠢᠬᠤ ᠮᠦᠷᠳᠡᠭᠡᠨ᠂ ᠵᠢᠯ ᠪᠦᠷᠢ ᠲᠦᠷᠪᠡ ᠠᠴᠠ ᠲᠠᠪᠤᠨ ᠰᠠᠷ᠎ᠠ ᠪᠤᠯᠤᠬᠰᠠᠨ ᠲᠤᠭᠤᠯ ᠢᠶᠠᠨ ᠭᠠᠷᠭᠠᠯᠳᠠ ᠳᠤ ᠭᠠᠷᠭᠠᠵᠦ᠂ ᠣᠬᠤᠷ ᠬᠤᠭᠤᠴᠠᠭᠠᠨ ᠳᠤ | ᠦᠨᠳᠣᠷ ᠦᠷ᠎ᠡ ᠠᠰᠢᠭ ᠣᠯᠬᠤ ᠶᠢ ᠪᠡᠶᠡᠯᠡᠬᠦᠯᠵᠦ ᠪᠠᠶᠢᠨ᠎ᠠ᠃ ᠡᠳᠡᠨᠡᠶᠢᠬᠢᠨ ᠰᠢᠷᠦᠢ ᠲᠦᠯᠬᠢᠬᠦ ᠮᠠᠰᠢᠨ ᠪᠤᠯᠤᠨ ᠡᠪᠡᠰᠦ ᠬᠡᠷᠴᠢᠬᠦ ᠮᠠᠰᠢᠨ᠂ ᠪᠤᠷᠳᠤᠭ᠎ᠠ | ᠨᠠᠶᠢᠷᠠᠭᠤᠯᠬᠤ ᠮᠠᠰᠢᠨ ᠵᠡᠷᠭᠡ ᠶᠡᠩᠵᠦ ᠶᠠᠩᠵᠦ ᠶᠢᠨ ᠮᠠᠰᠢᠨ ᠲᠦᠬᠦᠬᠡᠷᠣᠮᠵᠢ ᠶᠢ ᠢᠵᠢ ᠪᠦᠷᠢᠳᠦᠬᠦᠯᠵᠦ᠂ ᠮᠠᠯ ᠤᠨ ᠡᠪᠡᠰᠣ ᠪᠤᠷᠳᠤᠭ᠎ᠠ ᠶᠢ ᠰᠢᠨᠵᠢᠯᠡᠬᠦ ᠤᠬᠠᠭᠠᠨᠴᠢ | ᠪᠠᠷ ᠲᠤᠬᠢᠷᠠᠭᠤᠯᠵᠦ ᠪᠠᠶᠢᠬᠤ ᠠᠴᠠ ᠭᠠᠳᠠᠨ᠎ᠠ ᠡᠳᠡᠭᠡᠷ ᠣᠳᠣᠬᠢᠴᠢᠯᠠᠬᠰᠠᠨ ᠮᠠᠰᠢᠨ ᠲᠦᠬᠦᠬᠡᠷᠣᠮᠵᠢ ᠨᠢ ᠬᠦᠳᠡᠯᠮᠦᠷᠢ ᠬᠦᠴᠦ ᠠᠷᠪᠢᠯᠠᠬᠤ ᠵᠡᠷᠭᠡ ᠶᠢᠨ ᠣᠯᠠᠨ | ᠲᠠᠯ᠎ᠠ ᠶᠢᠨ ᠲᠦᠬᠦᠮ ᠨᠦᠬᠦᠴᠡᠯ ᠢ ᠠᠪᠴᠢᠷᠠᠬᠰᠠᠨ ᠪᠠᠶᠢᠨ᠎ᠠ᠃ ᠣᠶᠢᠷ᠎ᠠ ᠶᠢᠨ ᠵᠢᠯ ᠠᠴᠠ ᠮᠦᠩᠭᠡ1700 ᠢᠯᠡᠬᠦᠦ ᠲᠡᠭᠰᠢ ᠲᠦᠷᠪᠡᠯᠵᠢᠨ ᠮᠧᠲᠷ ᠤᠨ | ᠣᠳᠣᠬᠢᠴᠢᠯᠠᠬᠰᠠᠨ ᠮᠠᠯ ᠤᠨ ᠬᠠᠰᠢᠶ᠎ᠠ ᠰᠠᠷᠠᠪᠴᠢ 300 ᠲᠡᠭᠰᠢ ᠲᠦᠷᠪᠡᠯᠵᠢᠨ ᠮᠧᠲᠷ ᠤᠨ ᠪᠤᠷᠳᠣᠭᠠᠨ ᠤ ᠬᠦᠮᠦᠷᠭᠡ ᠪᠠᠶᠢᠭᠤᠯᠤᠬᠰᠠᠨ ᠪᠦᠭᠡᠳ2021 ᠣᠨ ᠳᠤ | ᠨᠢᠭᠡ ᠪᠦᠯᠥᠭ ᠣᠳᠣᠬᠢᠴᠢᠯᠠᠬᠰᠠᠨ ᠮᠠᠰᠢᠨ ᠲᠦᠬᠦᠬᠡᠷᠣᠮᠵᠢ ᠶᠢ ᠣᠷᠣᠭᠤᠯᠤᠬᠰᠠᠨ ᠠᠴᠠ ᠮᠠᠯ ᠮᠠᠯᠵᠢᠬᠤ ᠣᠶᠢᠯᠡᠳᠪᠤᠷᠢᠯᠡᠯ ᠤᠨ ᠲᠤᠬᠢᠳᠡᠢ ᠨᠦᠬᠦᠴᠡᠯ ᠢ | ᠪᠦᠷᠢᠳᠦᠬᠦᠯᠵᠡᠢ᠃ | | | | | | | | | | | | | | ᠮᠦᠩᠭᠡ ᠢᠩᠭᠢᠵᠦ ᠲᠠᠷᠢᠵᠦ ᠲᠡᠵᠢᠬᠡᠬᠦ ᠶᠢ ᠣᠷᠭᠠᠨᠢᠭ ᠢᠶᠠᠷ ᠣᠶᠠᠯᠳᠣᠭᠤᠯᠵᠦ᠂ ᠲᠡᠷᠢᠮᠡᠯ ᠤᠨ ᠣᠶᠢᠯᠡᠰ ᠢᠶᠠᠷ ᠮᠠᠯ ᠤᠨ ᠡᠪᠡᠰᠣ ᠪᠤᠷᠳᠤᠭ᠎ᠠ ᠶᠢ | ᠦᠨᠳᠦᠰᠣᠨ ᠳᠤ ᠪᠠᠨ ᠰᠢᠢᠳᠪᠤᠷᠢᠯᠡᠵᠦ ᠪᠠᠶᠢᠬᠤ ᠨᠢ ᠲᠠᠷᠣᠢ ᠰᠢᠷᠠᠮᠥ᠋ᠷᠡᠨ ᠰᠣᠮᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠮᠢ ᠠᠬᠤᠢ ᠶᠢᠨ ᠪᠦᠳᠦᠭᠡᠨ | ᠪᠠᠶᠢᠭᠤᠯᠤᠯᠳᠠ ᠪᠠᠷ ᠠᠷᠡᠳ ᠤᠨ ᠠᠮᠢᠳᠣᠷᠠᠯ ᠤᠨ ᠠᠰᠢᠭ ᠣᠷᠣᠯᠭ᠎ᠠ ᠶᠢ ᠨᠡᠮᠡᠭᠳᠡᠬᠦᠯᠬᠦ ᠬᠠᠷᠠᠯᠳᠠ ᠶᠢ ᠪᠡᠶᠡᠯᠡᠬᠦᠯᠥᠭᠰᠡᠨ ᠪᠤᠳᠡᠳᠣ ᠵᠢᠱᠢᠶ᠎ᠡ ᠪᠤᠯᠤᠨ᠎ᠠ᠃ ᠮᠦᠩᠭᠡ ᠶᠢᠨ | ᠡᠨᠡᠬᠦ ᠣᠳᠣᠬᠢᠴᠢᠯᠠᠬᠰᠠᠨ ᠮᠠᠯᠵᠢᠬᠤ ᠣᠶᠢᠯᠡᠳᠪᠤᠷᠢᠯᠡᠯ ᠡᠵᠡᠩᠨᠡᠯᠳᠡ ᠶᠢ ᠪᠡᠶᠡᠯᠡᠬᠦᠯᠵᠦ ᠪᠠᠶᠢᠭ᠎ᠠ ᠨᠢ ᠮᠦᠨ ᠴᠤ ᠬᠦᠳᠡᠭᠡ ᠨᠤᠳᠤᠭ ᠤᠨ ᠴᠡᠴᠡᠭᠯᠡᠨ ᠬᠦᠭᠵᠢᠯᠳᠡ ᠶᠢᠨ | ᠪᠠᠰᠠ ᠨᠢᠭᠡᠨ ᠵᠢᠷᠣᠬᠯᠠᠯ ᠪᠤᠯᠵᠦ ᠪᠤᠢ᠃︵ᠴᠢᠮᠡᠭᠡᠯᠡᠭᠴᠢ ᠭᠠᠩᠪᠠᠭᠠᠳᠣᠷ ᠮᠡᠳᠡᠭᠡᠯᠡᠪᠡ ︶ | | | | | | | | | | | | | | | |