| | | | ᠨᠢᠭᠡ᠂ ᠭᠤᠤᠯ ᠡᠭᠦᠷᠭᠡ ᠬᠠᠷᠢᠭᠤᠴᠠᠯᠭ᠎ᠠ | ︵ᠨᠢᠭᠡ︶ ᠲᠤᠭ᠎ᠠ ᠪᠦᠷᠢᠳᠬᠡᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠣᠯᠤᠨ ᠲᠤᠭ᠎ᠠ ᠪᠦᠷᠢᠳᠬᠡᠯ ᠤᠨ ᠳᠦᠷᠢᠮ᠂ ᠲᠤᠭ᠎ᠠ | ᠪᠦᠷᠢᠳᠬᠡᠯ ᠤᠨ ᠪᠠᠷᠢᠮᠵᠢᠶ᠎ᠠ ᠶᠢ ᠲᠤᠤᠱᠯᠠᠭᠤᠯᠤᠨ ᠬᠡᠷᠡᠭᠵᠢᠭᠦᠯᠬᠦ ᠶᠢᠨ ᠬᠠᠮᠲᠤ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠭᠠᠠᠨᠠ᠃ ᠣᠷᠣᠨ | ᠨᠤᠲᠤᠭ ᠤᠨ ᠲᠤᠭ᠎ᠠ ᠪᠦᠷᠢᠳᠬᠡᠯ ᠤᠨ ᠲᠦᠷᠢᠮ ᠪᠠ ᠲᠤᠭ᠎ᠠ ᠪᠦᠷᠢᠳᠬᠡᠯ ᠤᠨ ᠥᠭᠡᠷᠡᠴᠢᠯᠡᠯᠲᠡ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠨ᠎ᠠ᠃ ᠪᠥᠬᠦ | ᠬᠤᠰᠢᠭᠤᠨ ᠤ ᠲᠤᠭ᠎ᠠ ᠪᠦᠷᠢᠳᠬᠡᠯ ᠤᠨ ᠠᠵᠢᠯ ᠢ ᠵᠣᠬᠢᠶᠠᠨ ᠪᠠᠶᠢᠭᠤᠯᠵᠤ ᠵᠣᠬᠢᠴᠠᠭᠤᠯᠤᠨ᠎ᠠ᠃ | ︵ᠬᠤᠶᠠᠷ︶ ᠤᠯᠤᠰ ᠠᠷᠠᠳ ᠤᠨ ᠠᠵᠤ ᠠᠬᠤᠶ ᠶᠢᠨ ᠲᠣᠭᠠᠴᠠᠭ᠎ᠠ ᠬᠢᠬᠦ ᠰᠢᠰᠲ᠋ᠧᠮ ᠢ ᠲᠤᠤᠱᠯᠠᠭᠤᠯᠤᠨ ᠬᠡᠷᠡᠭᠵᠢᠭᠦᠯᠵᠦ᠂ ᠤᠯᠤᠰ ᠠᠷᠠᠳ ᠤᠨ ᠠᠵᠤ | ᠠᠬᠤᠶ ᠶᠢᠨ ᠲᠣᠭᠠᠴᠠᠭ᠎ᠠ ᠬᠢᠬᠦ ᠬᠠᠮᠢᠶ᠎ᠠ ᠪᠥᠬᠦᠶ ᠲᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠥᠬᠦ ᠬᠤᠰᠢᠭᠤᠨ ᠤ ᠦᠢᠯᠡᠳᠪᠦᠷᠢᠯᠡᠯ ᠤᠨ ᠶᠡᠷᠦᠩᠬᠡᠶ | ᠥᠷᠲᠡᠭ ᠲᠤ ᠲᠣᠭᠠᠴᠠᠭ᠎ᠠ ᠬᠢᠨ᠎ᠠ᠃ | ︵ᠭᠤᠷᠪᠠ︶ ᠪᠥᠬᠦ ᠬᠤᠰᠢᠭᠤᠨ ᠤ ᠬᠥᠮᠦᠨ ᠠᠮᠠ᠂ ᠠᠵᠤ ᠠᠬᠤᠶ᠂ ᠲᠠᠷᠢᠶᠠᠯᠠᠩ ᠮᠠᠯ ᠠᠵᠤ ᠠᠬᠤᠶ ᠵᠡᠷᠭᠡ ᠴᠢᠬᠤᠯᠠ ᠶᠡᠭᠡ ᠬᠤᠰᠢᠭᠤᠨ ᠤ ᠪᠠᠶᠢᠳᠠᠯ | ᠬᠦᠴᠦ ᠴᠢᠳᠠᠯ ᠤᠨ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠴᠢᠬᠤᠯᠠ | ᠶᠡᠭᠡ ᠬᠤᠰᠢᠭᠤᠨ ᠪᠠᠶᠢᠳᠠᠯ ᠬᠤᠰᠢᠭᠤᠨ ᠬᠦᠴᠦᠨ ᠤ ᠨᠡᠶᠢᠳᠡᠮ ᠪᠠᠶᠢᠴᠠᠭᠠᠯᠲᠠ ᠵᠢᠴᠢ ᠲᠤᠰᠬᠠᠶ ᠵᠦᠶ᠋ᠯ ᠤᠨ ᠪᠠᠶᠢᠴᠠᠭᠠᠯᠲᠠ ᠶᠢᠨ ᠲᠥᠯᠥᠪᠯᠡᠭᠡ᠂ ᠲᠥᠰᠦᠯ ᠢ | ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠯᠪᠣᠭᠳᠠᠯ ᠪᠥᠬᠦᠶ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ | ᠬᠤᠷᠢᠶᠠᠩᠭᠤᠶᠢᠯᠠᠬᠤ᠂ ᠡᠮᠬᠢᠳᠬᠡᠬᠦ ᠪᠠ ᠬᠠᠩᠭᠠᠨ᠎ᠠ᠃ | ︵ᠳᠥᠷᠪᠡ︶ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ᠂ ᠠᠵᠤ ᠦᠢᠯᠡᠳᠪᠦᠷᠢ᠂ ᠪᠠᠷᠢᠯᠭ᠎ᠠ ᠶᠢᠨ ᠦᠶ᠋ᠯᠡᠰ᠂ | ᠦᠢᠯᠡᠴᠢᠯᠡᠬᠡᠨ ᠤ ᠦᠢᠯᠡᠰ ᠵᠡᠷᠭᠡ ᠪᠥᠬᠦ ᠬᠤᠰᠢᠭᠤᠨ ᠤ ᠤᠯᠤᠰ ᠠᠷᠠᠳ ᠤᠨ ᠠᠵᠤ ᠠᠬᠤᠶ ᠶᠢᠨ ᠡᠯ᠎ᠡ ᠠᠵᠢᠯ ᠲᠥᠷᠥᠯ ᠤᠨ ᠲᠤᠭ᠎ᠠ ᠪᠦᠷᠢᠳᠬᠡᠯ ᠤᠨ | ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠮᠢᠶ᠎ᠠ ᠪᠥᠬᠦᠶ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠴᠤᠭᠯᠠᠭᠤᠯᠬᠤ᠂ ᠬᠤᠷᠢᠶᠠᠩᠭᠤᠶᠢᠯᠠᠬᠤ᠂ | ᠡᠮᠬᠢᠳᠬᠡᠬᠦ ᠪᠠ ᠬᠠᠩᠭᠠᠵᠤ᠂ ᠵᠢᠭᠤᠯᠴᠢᠯᠠᠯ᠂ ᠵᠠᠮ ᠬᠠᠷᠢᠯᠴᠠᠭ᠎ᠠ ᠲᠡᠭᠡᠭᠡᠪᠦᠷᠢ᠂ ᠰᠢᠤᠳᠠᠨ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠨᠡᠶᠢᠭᠡᠮ ᠤᠨ ᠪᠠᠲᠤᠯᠠᠭ᠎ᠠ᠂ | ᠨᠡᠶᠢᠲᠡ ᠶᠢᠨ ᠬᠡᠷᠡᠭᠯᠡᠭᠡᠨ ᠤ ᠦᠢᠯᠡᠰ ᠵᠡᠷᠭᠡ ᠪᠥᠬᠦ ᠬᠤᠰᠢᠭᠤᠨ ᠤ ᠴᠢᠨᠠᠷᠲᠠᠶ ᠦᠨᠳᠦᠰᠦᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠬᠤ᠂ | ᠡᠮᠬᠢᠳᠬᠡᠬᠦ ᠪᠠ ᠬᠠᠩᠭᠠᠨ᠎ᠠ᠃ | ︵ᠲᠠᠪᠤ︶ ᠪᠥᠬᠦ ᠬᠤᠰᠢᠭᠤᠨ ᠤ ᠡᠨᠧᠷᠭᠢ᠂ ᠪᠠᠯᠠ ᠣᠷᠣᠭᠤᠯᠤᠯᠲᠠ᠂ ᠬᠡᠷᠡᠭᠯᠡᠭᠡ᠂ ᠰᠢᠨᠵᠢᠯᠡᠬᠦ ᠤᠬᠠᠭᠠᠨ ᠮᠡᠷᠭᠡᠵᠢᠯ᠂ ᠬᠥᠮᠦᠨ ᠠᠮᠠ᠂ ᠬᠥᠳᠡᠯᠮᠦᠷᠢ | ᠬᠦᠴᠦ᠂ ᠨᠡᠶᠢᠭᠡᠮ ᠤᠨ ᠬᠥᠭᠵᠢᠯᠲᠡ ᠶᠢᠨ ᠦᠨᠳᠦᠰᠦᠨ ᠪᠠᠶᠢᠳᠠᠯ᠂ ᠣᠷᠴᠢᠨ ᠲᠣᠭᠤᠷᠢᠨ ᠤ ᠦᠨᠳᠦᠰᠦᠨ ᠪᠠᠶᠢᠳᠠᠯ ᠵᠡᠷᠭᠡ ᠶᠢᠨ ᠲᠤᠭ᠎ᠠ ᠪᠦᠷᠢᠳᠬᠡᠯ ᠤᠨ | ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠮᠢᠶ᠎ᠠ ᠪᠥᠬᠦᠶ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠴᠤᠭᠯᠠᠭᠤᠯᠬᠤ᠂ ᠬᠤᠷᠢᠶᠠᠩᠭᠤᠶᠢᠯᠠᠬᠤ᠂ | ᠡᠮᠬᠢᠳᠬᠡᠬᠦ ᠪᠠ ᠬᠠᠩᠭᠠᠵᠤ᠂ ᠡᠬᠢ ᠪᠠᠶᠠᠯᠢᠭ᠂ ᠬᠡᠷ ᠪᠠᠶᠢᠰᠢᠩ᠂ ᠭᠠᠳᠠᠭᠠᠳᠤ ᠠᠷᠠᠯᠵᠢᠶ᠎ᠠ᠂ ᠭᠠᠳᠠᠭᠠᠳᠤ ᠠᠵᠤ ᠠᠬᠤᠶ ᠵᠡᠷᠭᠡ ᠪᠥᠬᠦ ᠬᠤᠰᠢᠭᠤᠨ ᠤ ᠴᠢᠨᠠᠷᠲᠠᠶ | ᠦᠨᠳᠦᠰᠦᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠬᠤ᠂ ᠡᠮᠬᠢᠳᠬᠡᠬᠦ ᠪᠠ ᠬᠠᠩᠭᠠᠨ᠎ᠠ᠃ | ︵ᠵᠢᠷᠭᠤᠭ᠎ᠠ︶ ᠪᠥᠬᠦ ᠬᠤᠰᠢᠭᠤᠨ ᠤ ᠠᠵᠤ ᠠᠬᠤᠶ᠂ ᠨᠡᠶᠢᠭᠡᠮ᠂ ᠰᠢᠨᠵᠢᠯᠡᠬᠦ ᠤᠬᠠᠭᠠᠨ ᠮᠡᠷᠭᠡᠵᠢᠯ ᠪᠠ ᠡᠬᠢ ᠪᠠᠶᠠᠯᠢᠭ ᠣᠷᠴᠢᠨ ᠲᠣᠭᠤᠷᠢᠨ ᠤ ᠲᠤᠭ᠎ᠠ | ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ᠂ ᠨᠢᠭᠡᠳᠦᠯᠲᠡᠶ ᠬᠢᠨᠠᠨ ᠲᠣᠭᠲᠠᠭᠠᠵᠤ᠂ ᠬᠠᠮᠢᠶᠠᠷᠴᠤ᠂ ᠪᠥᠬᠦ ᠬᠤᠰᠢᠭᠤᠨ ᠤ ᠴᠢᠨᠠᠷᠲᠠᠶ ᠦᠨᠳᠦᠰᠦᠨ | ᠲᠤᠭ᠎ᠠ ᠪᠦᠷᠢᠳᠬᠡᠯ ᠤᠨ ᠮᠠᠲ᠋ᠧᠷᠢᠶᠠᠯ ᠢ ᠨᠡᠶᠢᠲᠡᠯᠡᠵᠦ᠂ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠪᠠᠶᠢᠳᠠᠯ ᠤᠨ ᠲᠤᠭ᠎ᠠ ᠪᠦᠷᠢᠳᠬᠡᠯ ᠤᠨ | ᠮᠡᠳᠡᠭᠡ ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠨ᠎ᠡ᠃ | ︵ᠳᠣᠯᠤᠭ᠎ᠠ︶ ᠪᠥᠬᠦ ᠬᠤᠰᠢᠭᠤᠨ ᠤ ᠤᠯᠤᠰ ᠠᠷᠠᠳ ᠤᠨ ᠠᠵᠤ ᠠᠬᠤᠶ᠂ ᠨᠡᠶᠢᠭᠡᠮ ᠤᠨ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ | ᠳᠠᠪᠰᠢᠯᠲᠠ ᠪᠠ ᠡᠬᠢ ᠪᠠᠶᠠᠯᠢᠭ ᠣᠷᠴᠢᠨ ᠲᠣᠭᠤᠷᠢᠨ ᠵᠡᠷᠭᠡ ᠪᠠᠶᠢᠳᠠᠯ ᠳᠤ ᠪᠦᠷᠢᠳᠬᠡᠨ ᠵᠠᠳᠠᠯᠤᠯᠲᠠ ᠬᠢᠬᠦ᠂ ᠪᠦᠷᠢᠳᠬᠡᠨ ᠬᠢᠨᠠᠨ ᠬᠡᠮᠵᠢᠬᠦ ᠪᠠ ᠪᠦᠷᠢᠳᠬᠡᠨ ᠬᠢᠨᠠᠯᠲᠠ | ᠲᠠᠯᠪᠢᠬᠤ ᠶᠢ ᠬᠠᠷᠢᠭᠤᠴᠠᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠬᠤᠰᠢᠭᠤᠨ ᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ | ᠣᠨ ᠤ ᠦᠨᠡᠯᠡᠯᠲᠡ ᠶᠢᠨ ᠠᠵᠢᠯ ᠢ ᠵᠣᠬᠢᠶᠠᠨ ᠪᠠᠶᠢᠭᠤᠯᠤᠨ ᠶᠠᠪᠤᠭᠳᠠᠭᠤᠯᠤᠨ᠎ᠠ᠃ ᠬᠤᠰᠢᠭᠤᠨ ᠨᠠᠮ ᠤᠨ ᠬᠤᠷᠢᠶ᠎ᠠ᠂ ᠬᠤᠰᠢᠭᠤᠨ ᠵᠠᠰᠠᠭ ᠤᠨ ᠣᠷᠳᠣᠨ ᠵᠢᠴᠢ | ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠲᠤᠭ᠎ᠠ ᠪᠦᠷᠢᠳᠬᠡᠯ ᠤᠨ ᠮᠡᠳᠡᠭᠡ ᠵᠠᠩᠭᠢ ᠪᠠ ᠯᠠᠪᠯᠠᠯᠭ᠎ᠠ ᠶᠢᠨ ᠰᠠᠨᠠᠭᠤᠯᠭ᠎ᠠ ᠬᠠᠩᠭᠠᠨ᠎ᠠ᠃ | ︵ ᠨᠠᠢᠮᠨ︶ ᠲᠤᠰᠬᠠᠶ ᠮᠡᠷᠭᠡᠵᠢᠯ ᠤᠨ ᠲᠤᠭ᠎ᠠ ᠪᠦᠷᠢᠳᠬᠡᠯ ᠤᠨ ᠰᠠᠭᠤᠷᠢ ᠠᠵᠢᠯ᠂ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ ᠪᠥᠲᠥᠭᠡᠨ | ᠪᠠᠶᠢᠭᠤᠯᠤᠯᠲᠠ ᠶᠢ ᠵᠢᠯᠣᠭᠤᠳᠴᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠢᠨᠠᠨ ᠬᠠᠷᠭᠤᠭᠤᠯᠬᠤ᠂ ᠬᠢᠨᠠᠨ ᠡᠵᠡᠮᠳᠡᠬᠦ ᠪᠠ ᠦᠨᠡᠯᠡᠨ ᠵᠢᠱᠢᠬᠦ | ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠴᠢᠬᠤᠯᠠ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ᠂ ᠬᠢᠨᠠᠨ ᠡᠵᠡᠮᠳᠡᠬᠦ ᠪᠠ ᠦᠨᠡᠯᠡᠨ | ᠵᠢᠱᠢᠬᠦ ᠶᠢ ᠥᠷᠨᠢᠭᠦᠯᠦᠨ᠎ᠡ᠃ | ︵ᠶᠢᠰᠦ︶ ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠲᠤᠭ᠎ᠠ ᠪᠦᠷᠢᠳᠬᠡᠯ ᠤᠨ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠢ ᠬᠠᠪᠰᠤᠷᠤᠨ | ᠠᠵᠢᠯᠯᠠᠵᠤ᠂ ᠪᠥᠬᠦ ᠬᠤᠰᠢᠭᠤᠨ ᠤ ᠲᠤᠭ᠎ᠠ ᠪᠦᠷᠢᠳᠬᠡᠯ ᠤᠨ ᠰᠢᠨᠵᠢᠯᠡᠬᠦ ᠤᠬᠠᠭᠠᠨ ᠤ ᠰᠤᠳᠤᠯᠭᠠᠨ᠂ ᠺᠠᠳ᠋ᠷ ᠤᠨ ᠪᠣᠯᠪᠠᠰᠤᠷᠠᠯ᠂ ᠲᠤᠭ᠎ᠠ ᠪᠦᠷᠢᠳᠬᠡᠯ ᠤᠨ ᠲᠤᠰᠬᠠᠶ | ᠮᠡᠷᠭᠡᠵᠢᠯ ᠤᠨ ᠡᠩᠨᠡᠭᠡᠨ ᠤ ᠪᠠᠶᠢᠭᠤᠯᠤᠯᠲᠠ ᠵᠡᠷᠭᠡ ᠠᠵᠢᠯ ᠢ ᠵᠢᠯᠣᠭᠤᠳᠤᠨ᠎ᠠ᠃ ᠬᠤᠰᠢᠭᠤᠨ ᠤ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠲᠥᠪ ᠤᠨ ᠲᠤᠭ᠎ᠠ | ᠪᠦᠷᠢᠳᠬᠡᠯ ᠤᠨ ᠦᠢᠯᠡᠰ ᠤᠨ ᠵᠠᠷᠤᠳᠠᠯ ᠢ ᠲᠣᠭᠲᠠᠭᠠᠯ ᠶᠣᠰᠣᠭᠠᠷ ᠬᠠᠮᠢᠶᠠᠷᠤᠨ᠎ᠠ᠃ | ︵ᠠᠷᠪᠠ︶ ᠪᠥᠬᠦ ᠬᠤᠰᠢᠭᠤᠨ ᠤ ᠲᠤᠭ᠎ᠠ ᠪᠦᠷᠢᠳᠬᠡᠯ ᠤᠨ ᠮᠡᠳᠡᠭᠡ ᠵᠠᠩᠭᠢᠵᠢᠭᠤᠯᠬᠤ ᠰᠢᠰᠲ᠋ᠧᠮ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ | ᠬᠥᠮᠥᠷᠭᠡ ᠶᠢᠨ ᠰᠢᠰᠲ᠋ᠧᠮ ᠢ ᠬᠠᠷᠢᠭᠤᠴᠠᠨ ᠬᠠᠮᠢᠶᠠᠷᠴᠤ᠂ ᠪᠥᠬᠦ ᠬᠤᠰᠢᠭᠤᠨ ᠤ ᠲᠤᠭ᠎ᠠ ᠪᠦᠷᠢᠳᠬᠡᠯ ᠤᠨ ᠮᠡᠳᠡᠭᠡ ᠵᠠᠩᠭᠢᠵᠢᠭᠤᠯᠬᠤ ᠰᠢᠰᠲ᠋ᠧᠮ ᠤᠨ ᠪᠠᠶᠢᠭᠤᠯᠤᠯᠲᠠ ᠶᠢ | ᠵᠢᠯᠣᠭᠤᠳᠤᠨ᠎ᠠ᠃ | ︵ᠠᠷᠪᠠᠨ ᠨᠢᠭᠡ︶ ᠲᠤᠰ ᠠᠵᠢᠯ ᠲᠥᠷᠥᠯ᠂ ᠲᠤᠰ ᠰᠠᠯᠠᠭ᠎ᠠ ᠮᠥᠴᠢᠷ ᠤᠨ ᠢᠶᠠᠨ ᠠᠶᠣᠯᠭᠦᠢ ᠦᠢᠯᠡᠳᠪᠦᠷᠢᠯᠡᠯ ᠤᠨ ᠬᠠᠮᠢᠶ᠎ᠠ ᠪᠦᠬᠦᠢ ᠡᠭᠦᠷᠭᠡ | ᠬᠠᠷᠢᠭᠤᠴᠠᠯᠭ᠎ᠠ ᠶᠢ ᠭᠦᠢᠴᠡᠳᠬᠡᠨ᠎ᠡ᠃ | ︵ᠠᠷᠪᠠᠨ ᠬᠤᠶᠠᠷ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | ᠬᠤᠶᠠᠷ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ | ᠪᠠᠭᠠᠷᠢᠨ ᠪᠠᠷᠠᠭᠤᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠳᠣᠲᠣᠭᠠᠳᠤ ᠳᠤ ᠠᠯᠪᠠᠨ ᠬᠡᠷ᠂ ᠬᠠᠤᠯᠢ ᠬᠡᠷᠡᠭᠵᠢᠭᠦᠯᠦᠯᠲᠡ ᠳᠤ ᠬᠢᠨᠠᠯᠲᠠ | ᠲᠠᠯᠪᠢᠬᠤ ᠲᠠᠰᠤᠭ᠂ ᠲᠠᠷᠢᠶᠠᠯᠠᠩ ᠮᠠᠯ ᠠᠵᠤ ᠠᠬᠤᠶ ᠶᠢᠨ ᠲᠤᠭ᠎ᠠ ᠪᠦᠷᠢᠳᠬᠡᠯ ᠤᠨ ᠲᠠᠰᠤᠭ᠂ ᠠᠵᠤ ᠦᠢᠯᠡᠳᠪᠦᠷᠢ ᠪᠠ ᠪᠠᠯᠠ ᠣᠷᠣᠭᠤᠯᠤᠯᠲᠠ ᠶᠢᠨ ᠲᠤᠭ᠎ᠠ | ᠪᠦᠷᠢᠳᠬᠡᠯ ᠤᠨ ᠲᠠᠰᠤᠭ᠂ ᠶᠡᠷᠦᠩᠬᠡᠶᠢᠯᠡᠭᠰᠡᠨ ᠪᠠ ᠦᠢᠯᠡᠴᠢᠯᠡᠭᠡᠨ ᠤ ᠦᠢᠯᠡᠰ ᠤᠨ ᠲᠤᠭ᠎ᠠ ᠪᠦᠷᠢᠳᠬᠡᠯ ᠤᠨ ᠲᠠᠰᠤᠭ ᠵᠡᠷᠭᠡ 5 ᠲᠠᠰᠤᠭ ᠲᠠᠢ᠃ ᠳᠣᠤᠷ᠎ᠠ ᠨᠢ | ᠪᠠᠭᠠᠷᠢᠨ ᠪᠠᠷᠠᠭᠤᠨ ᠬᠤᠰᠢᠭᠤᠨ ᠤ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠪ ᠲᠠᠢ᠂ ᠳᠣᠲᠣᠭᠠᠳᠤ ᠳᠠᠭᠠᠨ 4 ᠲᠠᠰᠤᠭ ᠲᠠᠢ᠂ ᠲᠣᠰ ᠲᠣᠰ ᠨᠡᠶᠢᠭᠡᠮ ᠤᠨ | ᠠᠵᠤ ᠠᠬᠤᠶ ᠶᠢᠨ ᠪᠠᠶᠢᠴᠠᠭᠠᠯᠲᠠ ᠶᠢᠨ ᠲᠠᠰᠤᠭ᠂ ᠡᠨᠧᠷᠭᠢ ᠬᠢᠭᠡᠳ ᠣᠷᠴᠢᠨ ᠠᠬᠤᠶ ᠶᠢᠨ ᠪᠠᠶᠢᠴᠠᠭᠠᠯᠲᠠ ᠶᠢᠨ ᠲᠠᠰᠤᠭ᠂ ᠦᠢᠯᠡᠴᠢᠯᠡᠭᠡᠨ ᠤ ᠦᠢᠯᠡᠰ ᠤᠨ | ᠪᠠᠶᠢᠴᠠᠭᠠᠯᠲᠠ ᠶᠢᠨ ᠲᠠᠰᠤᠭ᠂ ᠨᠡᠶᠢᠳᠡᠮ ᠪᠠᠶᠢᠴᠠᠭᠠᠯᠲᠠ ᠶᠢᠨ ᠲᠠᠰᠤᠭ ᠵᠡᠷᠭᠡ 4 ᠲᠠᠰᠤᠭ ᠲᠠᠢ᠃ | ᠭᠤᠷᠪᠠ᠂ ᠬᠠᠷᠢᠯᠴᠠᠬᠤ ᠠᠷᠭ᠎ᠠ ᠮᠠᠶ᠋ᠢᠭ | ᠠᠵᠢᠯᠯᠠᠬᠤ ᠬᠠᠶ᠋ᠢᠭ᠄ ᠪᠠᠭᠠᠷᠢᠨ ᠪᠠᠷᠠᠭᠤᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠬᠤᠶᠠᠳᠤᠭᠠᠷ ᠳᠠᠪᠬᠤᠷᠭ᠎ᠠ | ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 8᠄ 30 — 11᠄ 30 14᠄ 30 — 17᠄ 30 | ᠬᠠᠷᠢᠯᠴᠠᠬᠤ ᠤᠲᠠᠰᠤ᠄ 6216733 | ᠬᠠᠷᠢᠭᠤᠴᠠᠯᠭᠠᠲᠠᠨ᠄ ᠮᠠ ᠳ᠋ᠧ ᠯᠢᠨ | | | |