ᠪᠠᠭᠠᠷᠢᠨ ᠪᠠᠷᠠᠭᠤᠨ ᠬᠤᠰᠢᠭᠤᠨ ᠤ ᠨᠢᠭᠡ ᠠᠵᠢᠯᠲᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠯᠣᠳᠤᠭᠠᠷ ᠬᠤᠭᠤᠴᠠᠭᠠᠨ ᠤ ︽ᠤᠮᠠᠷᠠᠲᠤ ᠬᠢᠯᠢ ᠶᠢᠨ ᠤᠷᠠᠨ ᠳᠠᠷᠬᠠᠨ︾ ᠴᠣᠯᠠ ᠬᠦᠷᠲᠡᠪᠡ
ᠨᠡᠶᠢᠲᠡᠯᠡᠭᠰᠡᠨ ᠴᠠᠭ᠄
2023/12/26
         12 ᠰᠠᠷ᠎ᠠ ᠶᠢᠨ 23᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠲᠠᠢ ᠬᠠᠮᠲᠤᠷᠠᠨ ᠣᠷᠳᠣᠰ ᠬᠤᠲᠠ ᠳᠤ ᠳᠣᠯᠣᠳᠤᠭᠠᠷ ᠬᠤᠭᠤᠴᠠᠭᠠᠨ ᠤ ᠤᠮᠠᠷᠠᠲᠤ ᠬᠢᠯᠢ ᠶᠢᠨ ᠤᠷᠠᠨ ᠳᠠᠷᠬᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠵᠢᠴᠢ ᠱᠠᠩᠨᠠᠯ ᠣᠯᠭᠤᠬᠤ ᠶᠣᠰᠣᠯᠠᠯ ᠶᠠᠪᠤᠭᠤᠯᠪᠠ᠃ ᠪᠥᠬᠦ ᠣᠷᠣᠨ ᠤ ᠠᠳᠠᠯᠢ ᠪᠤᠰᠤ ᠠᠵᠢᠯ ᠲᠥᠷᠥᠯ ᠤᠨ ᠠᠳᠠᠯᠢ ᠪᠤᠰᠤ ᠬᠦᠷᠢᠶᠡᠨ ᠳᠠᠬᠢ 20 ᠠᠵᠢᠯᠲᠠᠨ ᠠᠵᠢᠯᠴᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠮᠠᠷᠠᠲᠤ ᠬᠢᠯᠢ ᠶᠢᠨ ᠤᠷᠠᠨ ᠳᠠᠷᠬᠠᠨ ᠤ ᠢᠷᠠᠭᠤ ᠠᠯᠳᠠᠷ ᠤᠨ ᠴᠣᠯᠠ ᠭᠥᠷᠳᠡᠵᠦ᠂ ᠡᠭᠦᠨ ᠳᠤ ᠪᠠᠭᠠᠷᠢᠨ ᠪᠠᠷᠠᠭᠤᠨ ᠬᠤᠰᠢᠭᠤᠨ ᠤ ᠠᠵᠢᠯᠲᠠᠨ ᠯᠢᠦ ᠵᠢᠶᠧ ᠴᠣᠯᠭᠤᠷᠠᠨ ᠭᠠᠷᠴᠤ᠂ ︽ᠤᠮᠠᠷᠠᠲᠤ ᠬᠢᠯᠢ ᠶᠢᠨ ᠤᠷᠠᠨ ᠳᠠᠷᠬᠠᠨ︾᠎ ᠤ ᠢᠷᠠᠭᠤ ᠠᠯᠳᠠᠷ ᠢ ᠭᠥᠷᠳᠡᠪᠡ᠃           ᠯᠢᠦ ᠵᠢᠶᠧ᠂ ᠥᠪᠥᠷ ᠮᠣᠩᠭᠤᠯ ᠤᠨ ᠬᠤᠸᠠ ᠰᠥᠩ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠦᠷ᠎ᠡ ᠪᠤᠶᠢᠵᠢᠭᠤᠯᠬᠤ ᠰᠤᠳᠤᠯᠭᠠᠨ ᠤ ᠬᠦᠷᠢᠶᠡᠯᠡᠩ ᠤᠨ ᠳᠠᠷᠤᠭ᠎ᠠ᠃ ᠠᠵᠢᠯ ᠳᠤ ᠣᠷᠣᠯᠴᠠᠭᠰᠠᠨ ᠠᠴᠠ ᠨᠠᠭᠠᠰᠢ᠂ ᠲᠥᠮᠥᠰᠥ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠢ ᠬᠢᠵᠦ᠂ ᠤᠯᠤᠰ ᠤᠨ ︽948︾ ᠲᠥᠷᠥᠯ ᠵᠦᠢᠯ᠂ ︽863︾ ᠲᠥᠯᠥᠪᠯᠡᠭᠡ᠂ ᠠᠵᠢᠯ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ᠂ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦ᠂ ᠬᠥᠳᠡᠭᠡ ᠠᠵᠤ ᠠᠬᠤᠶ ᠬᠥᠳᠡᠭᠡ ᠲᠣᠰᠬᠤᠨ ᠤ ᠶᠠᠮᠤᠨ ᠵᠡᠷᠭᠡ ᠲᠥᠮᠥᠰᠥ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠢᠶ᠎ᠠ ᠪᠥᠬᠦᠶ ᠲᠥᠷᠥᠯ ᠵᠦᠢᠯ20 ᠭᠠᠷᠤᠶ ᠪᠣᠶ︔ ︽ᠬᠤᠸᠠ ᠰᠥᠩ︾ ᠨᠡᠷᠡᠮᠵᠢᠲᠦ ᠰᠢᠷᠢᠰ ᠲᠥᠮᠥᠰᠥ ᠶᠢᠨ ᠰᠢᠨ᠎ᠡ ᠡᠭᠦᠯᠳᠡᠷ ︵ᠲᠦᠷᠦᠯ︶ 80᠎ ᠶᠢ ᠰᠣᠩᠭᠤᠨ ᠪᠤᠶᠢᠵᠢᠭᠤᠯᠵᠤ᠂ ᠪᠤᠶᠢᠵᠢᠭᠤᠯᠤᠭᠰᠠᠨ ᠲᠥᠮᠥᠰᠥ ᠶᠢᠨ ᠰᠢᠨ᠎ᠡ ᠡᠭᠦᠯᠳᠡᠷ ᠪᠥᠬᠦ ᠤᠯᠤᠰ ᠤᠨ 20 ᠭᠠᠷᠤᠶ ᠮᠤᠵᠢ ᠣᠷᠣᠨ ᠳᠤ ᠨᠡᠶᠢᠲᠡ 500 ᠭᠠᠷᠤᠶ ᠲᠦᠮᠡᠨ ᠮᠥ ᠳᠠᠷᠢᠵᠤ᠂ ᠶᠠᠳᠠᠭᠤ ᠬᠦᠴᠢᠷᠳᠡᠯᠲᠡᠶ ᠡᠷᠦᠬᠡ ᠶᠢ ᠨᠡᠶᠢᠲᠡ 2000 ᠭᠠᠷᠤᠶ ᠡᠷᠦᠬᠡ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠪᠠ᠂ ᠡᠭᠦᠨ ᠳᠤ ᠰᠢᠪᠲᠤᠯᠤᠯᠲᠠ ᠶᠢᠨ ᠴᠢᠨᠠᠷᠲᠠᠶ ᠳᠠᠪᠠᠭᠤᠯᠢᠭ ᠡᠭᠦᠯᠳᠡᠷ ︽ᠬᠤᠸᠠ ᠰᠥᠩ 7 ᠳ᠋ᠤᠭᠠᠷ︾᠎ ᠨᠢ ᠡᠩ ᠤᠨ ᠰᠢᠨ᠎ᠡ ᠰᠣᠷᠭᠤᠭ ᠢᠳᠡᠰᠢᠨ ᠲᠥᠮᠥᠰᠥ ᠶᠢ ᠣᠷᠣᠯᠠᠵᠤ᠂ ︽ᠬᠤᠸᠠ ᠰᠥᠩ ᠰᠢᠶᠠᠩ ᠽᠣᠣ︾ 2022 ᠣᠨ ᠳᠤ ᠰᠧᠴᠤᠸᠠᠨ ᠮᠤᠵᠢ ᠳᠤ ᠬᠢᠭᠰᠡᠨ ᠢᠯᠡᠷᠡᠯ ᠨᠢ ᠰᠢᠯᠢᠳᠡᠭ ᠪᠠᠶᠢᠵᠤ᠂ ᠮᠥ ᠪᠦᠷᠢ ᠶᠢᠨ ᠤᠨᠠᠯᠲᠠ ᠨᠢ 11222 . 4 ᠵᠢᠩ ᠳᠤ ᠬᠦᠷᠴᠦ᠂ 5 ᠵᠢᠯ ᠤᠨ ᠳᠣᠲᠣᠷᠠᠬᠢ ᠬᠠᠮᠤᠭ ᠤᠨ ᠥᠨᠳᠥᠷ ᠤᠨᠠᠯᠲᠠ ᠲᠠᠢ ᠮᠥ ᠪᠦᠷᠢ ᠠᠴᠠ 40 . 3 %᠎ ᠪᠠᠷ ᠨᠡᠮᠡᠭᠳᠡᠵᠦ᠂ ᠰᠧᠴᠤᠸᠠᠨ ᠤ ᠡᠪᠦᠯ ᠤᠨ ᠥᠨᠳᠥᠷ ᠤᠨᠠᠯᠲᠠ ᠶᠢᠨ ᠲᠡᠮᠳᠡᠭᠯᠡᠯ ᠢ ᠰᠢᠨᠡᠳᠬᠡᠪᠡ᠃ ᠪᠦᠬᠦ ᠪᠥᠮᠪᠥᠷᠴᠡᠭ ᠤᠨ ᠲᠥᠮᠥᠰᠥ ᠶᠢᠨ ᠭᠤᠣᠯᠯᠠᠬᠤ ᠦᠷ᠎ᠡ ᠡᠳ᠋ ᠤᠨ ᠡᠬᠢ ᠪᠠᠶᠠᠯᠢᠭ ᠢ 1000 ᠬᠤᠪᠢ ᠴᠤᠭᠯᠠᠭᠤᠯᠤᠨ ᠬᠠᠳᠠᠭᠠᠯᠠᠬᠤ ᠶᠢ ᠵᠣᠬᠢᠶᠠᠨ ᠪᠠᠶᠢᠭᠤᠯᠵᠤ᠂ ᠦᠷ᠎ᠡ ᠪᠤᠶᠢᠵᠢᠭᠤᠯᠬᠤ ᠳᠤᠮᠳᠠᠬᠢ ᠮᠠᠲ᠋ᠧᠷᠢᠶᠠᠯ ᠪᠣᠯᠤᠨ ᠦᠷ᠎ᠡ ᠪᠤᠶᠢᠵᠢᠭᠤᠯᠬᠤ ᠮᠠᠲ᠋ᠧᠷᠢᠶᠠᠯ ᠢ 300 ᠲᠦᠮᠡᠨ ᠬᠤᠪᠢ ᠴᠤᠭᠯᠠᠭᠤᠯᠤᠨ᠂ ᠵᠢᠯ ᠪᠦᠷᠢ 900᠎ ᠠᠴᠠ ᠳᠡᠭᠡᠭᠰᠢ ᠡᠷᠯᠢᠰᠵᠢᠭᠦᠯᠦᠭᠰᠡᠨ ᠬᠠᠮᠰᠠᠯ ᠢ ᠲᠣᠬᠢᠷᠠᠭᠤᠯᠵᠤ᠂ ᠵᠢᠯ ᠪᠦᠷᠢ 50 - 100 ᠲᠦᠮᠡᠨ ᠮᠥᠬᠦᠯᠢᠭ ᠲᠥᠮᠥᠰᠥ ᠶᠢᠨ ᠦᠷ᠎ᠡ ᠶᠢ ᠡᠭᠦᠳᠴᠦ᠂ ᠭᠧᠣᠮᠧᠲᠷᠢ ᠶᠢᠨ ᠲᠡᠰ ᠤᠨ ᠰᠢᠨ᠎ᠡ ᠡᠭᠦᠯᠳᠡᠷ ᠢ ᠪᠤᠢ ᠪᠣᠯᠭᠠᠵᠤ᠂ ᠦᠷ᠎ᠡ ᠪᠤᠶᠢᠵᠢᠭᠤᠯᠬᠤ ᠶᠢ ᠦᠷᠭᠦᠯᠵᠢᠯᠡᠨ ᠰᠤᠳᠤᠯᠤᠨ ᠨᠡᠭᠡᠭᠡᠬᠦ ᠴᠢᠳᠠᠪᠤᠷᠢ ᠲᠠᠢ ᠪᠣᠯᠭᠠᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠶ ᠵᠦᠢᠯ᠂ ᠥᠪᠡᠷᠲᠡᠭᠡᠨ ᠵᠠᠰᠠᠬᠤ ᠣᠷᠣᠨ ᠤ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠲᠥᠯᠥᠪᠯᠡᠭᠡ ᠶᠢᠨ ᠲᠥᠷᠥᠯ ᠵᠦᠢᠯ᠂ ᠥᠪᠡᠷᠲᠡᠭᠡᠨ ᠵᠠᠰᠠᠬᠤ ᠣᠷᠣᠨ ᠤ ᠲᠥᠮᠥᠰᠥᠨ ᠤ ᠦᠷ᠎ᠡ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠵᠡᠷᠭᠡ ᠮᠤᠵᠢ ᠶᠠᠮᠤᠨ ᠤ ᠲᠠᠰ ᠤᠨ 10 ᠭᠠᠷᠤᠶ ᠲᠥᠷᠥᠯ ᠵᠦᠢᠯ ᠢ ᠡᠷᠬᠢᠯᠡᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠰᠡᠳᠬᠦᠯ ᠳᠤ 40 ᠭᠠᠷᠤᠶ ᠥᠭᠦᠯᠡᠯ ᠨᠡᠶᠢᠲᠡᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢᠨ ᠨᠢᠭᠡᠳᠦᠭᠡᠷ ᠳᠡᠰ ᠤᠨ ᠱᠠᠩᠨᠠᠯ ᠢ ᠬᠦᠷᠲᠡᠪᠡ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ