| | | ᠪᠦᠷᠢᠨᠲᠦ᠂ ᠡᠷᠡᠭᠲᠡᠶ᠂ ᠮᠣᠩᠭᠤᠯ ᠦᠨᠳᠦᠰᠦᠲᠡᠨ᠂ 1982 ᠣᠨ ᠤ 4 ᠰᠠᠷ᠎ᠠ ᠳᠤ ᠳᠦᠷᠦᠵᠡᠶ᠂ ᠰᠢᠷᠠᠮᠥ᠋ᠷᠡᠨ ᠰᠤᠮᠤ ᠶᠢᠨ ᠲᠠᠯᠠᠨᠳᠠᠢ ᠭᠠᠴᠠᠭᠠᠨ ᠤ | ᠬᠥᠮᠦᠨ᠂ ᠰᠢᠷᠠᠮᠥ᠋ᠷᠡᠨ ᠰᠤᠮᠤ ᠳᠤ ᠠᠮᠢᠲᠠᠨ ᠤ ᠬᠢᠵᠢᠭ ᠢ ᠰᠡᠷᠭᠡᠶᠢᠯᠡᠭᠴᠢ ᠶᠢᠨ ᠠᠵᠢᠯ ᠢ ᠬᠢᠭᠡᠳ ᠨᠢᠭᠡᠨᠲᠡ 23 ᠵᠢᠯ ᠪᠣᠯᠵᠣ ᠪᠠᠶᠢᠨ᠎ᠠ᠃ ᠪᠦᠷᠢᠨᠲᠦ ᠤᠷᠢᠳ | ᠬᠤᠵᠢᠳ ᠪᠦᠬᠦ ᠬᠤᠳᠠ ᠶᠢᠨ ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠭᠰᠡᠨ ᠢᠳᠡᠪᠬᠢᠲᠡᠨ ᠪᠠ ᠨᠠᠢᠮᠠᠳᠤᠭᠠᠷ ᠬᠤᠭᠤᠴᠠᠭᠠᠨ ᠤ ᠤᠯᠠᠭᠠᠨᠬᠠᠳᠠ ᠬᠤᠳᠠ ᠶᠢᠨ | ᠶᠣᠰᠣ ᠰᠤᠷᠲᠠᠬᠤᠨ ᠤ ᠵᠢᠱᠢᠶᠡᠴᠢ ᠶᠢᠨ ᠢᠷᠠᠭᠤ ᠠᠯᠳᠠᠷ ᠤᠨ ᠴᠣᠯᠠ ᠶᠢ ᠬᠦᠷᠳᠡᠪᠡ᠃ | 2022 ᠣᠨ ᠤ 6 ᠰᠠᠷ᠎ᠠ ᠶᠢᠨ 12 ᠤᠨ ᠤᠷᠤᠢ᠂ ᠲᠠᠯ᠎ᠠ ᠨᠤᠲᠤᠭ ᠲᠤ ᠭᠡᠨᠡᠳᠲᠡ ᠠᠭᠠᠳᠠᠷ ᠪᠣᠷᠣᠭᠠᠨ ᠣᠷᠣᠵᠤ᠂ ᠦᠶᠡᠷ ᠤᠨ ᠤᠰᠤ ᠶᠠᠭ | ᠵᠢᠯᠣᠭᠤ ᠪᠠᠨ ᠠᠯᠳᠠᠭᠰᠠᠨ ᠬᠡᠭᠡᠷ᠎ᠡ ᠶᠢᠨ ᠮᠣᠷᠢ ᠰᠢᠭ᠋ ᠭᠠᠴᠠᠭᠠᠨ ᠤ ᠭᠠᠳᠠᠨᠠᠬᠢ ᠭᠤᠣᠯ ᠤᠨ ᠵᠠᠮ ᠳᠤ ᠬᠤᠷᠠᠨ ᠴᠤᠭᠯᠠᠷᠠᠪᠠ᠃ 13 ᠤ ᠡᠳᠦᠷ ᠤᠨ ᠥᠷᠯᠥᠭᠡ᠂ | ᠪᠦᠷᠢᠨᠲᠦ ᠦᠶᠡᠷ ᠤᠨ ᠤᠰᠤ ᠬᠠᠳᠤᠯᠠᠩ ᠪᠡᠯᠴᠢᠭᠡᠷ ᠢ ᠳᠠᠭᠠᠷᠢᠬᠤ ᠠᠴᠠ ᠠᠶᠤᠭᠠᠳ ᠪᠠᠭ᠎ᠠ ᠬᠦᠦ ᠪᠠᠨ ᠳᠠᠭᠠᠭᠤᠯᠤᠨ ᠭᠤᠣᠯ ᠤᠨ ᠪᠠᠷᠠᠭᠤᠨ ᠡᠷᠭᠢ ᠳᠤ ᠬᠦᠷᠴᠦ | ᠦᠶᠡᠷ ᠤᠨ ᠪᠠᠶᠢᠳᠠᠯ ᠢ ᠠᠵᠢᠭᠯᠠᠪᠠ᠃ ᠶᠠᠭ ᠰᠠᠶᠢᠬᠠᠨ ᠶᠡᠭᠡ ᠨᠠᠭᠤᠷ ᠭᠠᠴᠠᠭᠠᠨ ᠤ ᠮᠠᠯᠴᠢᠨ ᠰᠦᠬᠡ ᠮᠣᠲ᠋ᠣᠷ ᠲᠡᠷᠭᠡ ᠪᠠᠷ ᠦᠶᠡᠯᠢᠳ ᠠᠬ᠎ᠠ ᠶᠢᠨ ᠢᠶᠠᠨ | ᠣᠷᠣᠰᠢᠭᠤᠯᠭ᠎ᠠ ᠶᠢᠨ ᠶᠣᠰᠣᠯᠠᠯ ᠳᠤ ᠣᠷᠣᠯᠴᠠᠬᠤ ᠪᠠᠷ ᠮᠣᠷᠳᠠᠵᠤ᠂ ᠬᠠᠳᠠᠲᠤ ᠭᠤᠣᠯ ᠤᠨ ᠵᠡᠭᠦᠨ ᠵᠠᠬ᠎ᠠ ᠶᠢᠨ ᠵᠠᠮ ᠤᠨ ᠤᠰᠤ ᠥᠩᠭᠡᠷᠡᠬᠦ ᠭᠠᠵᠠᠷ ᠲᠤ ᠬᠦᠷᠬᠦ ᠳᠤ | ᠦᠶᠡᠷ ᠤᠨ ᠤᠰᠤᠨ ᠳᠤ ᠬᠠᠰᠢᠭᠳᠠᠭᠠᠳ ᠪᠠᠶᠢᠬᠤ ᠲᠠᠢ ᠲᠠᠭᠠᠷᠠᠵᠤ᠂ ᠭᠤᠣᠯ ᠭᠠᠲᠤᠯᠵᠤ ᠪᠣᠯᠬᠤ ᠡᠰᠡᠬᠦ ᠶᠢ ᠠᠰᠠᠭᠤᠭᠰᠠᠨ ᠳᠤ᠂ ᠪᠤᠶᠠᠨᠳᠤ᠄ ︽ᠦᠶᠡᠷ ᠳᠡᠩᠳᠡᠭᠦᠦ | ᠶᠡᠭᠡ᠂ ᠭᠤᠣᠯ ᠭᠠᠲᠤᠯᠬᠤ ᠳᠤ ᠲᠤᠩ ᠠᠶᠤᠯᠲᠠᠢ︾ ᠭᠡᠵᠦ ᠲᠡᠷᠳᠡᠭᠡ ᠬᠦᠪᠡᠬᠡᠨ ᠠᠴᠠ ᠪᠠᠬᠢᠷᠡᠨ ᠬᠡᠯᠡᠪᠡ᠃ ᠭᠤᠣᠯ ᠤᠨ ᠲᠡᠷᠲᠡᠭᠡ ᠬᠥᠪᠡᠭᠡᠨ ᠳᠠᠬᠢ ᠰᠦᠬᠡ | ᠳᠡᠩᠳᠡᠭᠦᠦ ᠪᠠᠴᠢᠮᠳᠠᠭᠰᠠᠨ ᠠᠴᠠ ᠮᠣᠲ᠋ᠣᠷ ᠲᠡᠷᠭᠡ ᠪᠠᠷ ᠤᠰᠤᠨ ᠳᠤ ᠤᠷᠤᠳᠠᠯ᠎ᠠ᠂ ᠦᠶᠡᠷ ᠤᠨ ᠤᠰᠤ ᠰᠦᠬᠡ ᠤᠷᠤᠭᠤ ᠤᠷᠤᠰᠴᠤ᠂ ᠤᠷᠪᠠᠵᠤ ᠬᠥᠷᠪᠡᠭᠡᠳ | ᠳᠤᠤᠷᠠᠳᠤ ᠤᠷᠤᠰᠬᠠᠯ ᠳᠤ ᠤᠨᠠᠪᠠ᠃ ᠠᠶᠤᠯ ᠲᠦᠭᠰᠢᠭᠦᠷᠢᠲᠡᠶ ᠦᠶ᠎ᠡ ᠳᠤ᠂ ᠪᠦᠷᠢᠨᠳᠦ ᠲᠦᠢᠯ ᠢᠶᠠᠷ ᠠᠶᠤᠨ ᠭᠡᠯᠮᠡᠭᠳᠡᠵᠦ᠂ ᠲᠤᠯᠤᠭᠠᠨ ᠨᠠᠰᠤᠲᠠᠶ ᠬᠡᠦᠬᠡᠳ ᠢᠶᠠᠨ | ᠭᠤᠣᠯ ᠤᠨ ᠬᠥᠪᠡᠭᠡᠨ ᠳᠤ ᠬᠠᠶᠠᠭᠠᠳ ᠥᠪᠡᠷ ᠢᠶᠠᠨ ᠥᠴᠦᠬᠡᠨ ᠴᠦ ᠲᠠᠲᠠᠭᠠᠯᠵᠠᠯ ᠦᠭᠡᠢ ᠪᠠᠷ ᠦᠶᠡᠷ ᠤᠨ ᠤᠰᠤᠨ ᠳᠤ ᠦᠰᠦᠷᠦᠨ ᠣᠷᠣᠪᠠ᠃ ᠦᠶᠡᠷ ᠤᠨ | ᠤᠷᠤᠰᠬᠠᠯ ᠠᠴᠠ ᠪᠣᠯᠵᠤ᠂ ᠬᠤᠶᠠᠷ ᠤᠳᠠᠭᠠᠨ ᠤ ᠠᠪᠤᠷᠠᠯᠳᠠ ᠪᠠᠷ ᠳᠡᠮᠵᠢᠨ᠂ ᠰᠦᠬᠡ ᠶᠢ ᠲᠠᠲᠠᠵᠤ ᠡᠷᠭᠢ ᠳᠤ ᠭᠠᠷᠭᠠᠭᠰᠠᠨ ᠪᠠᠶᠢᠨ᠎ᠠ᠃ ᠪᠦᠷᠢᠨᠲᠦ ᠶᠢᠨ ᠪᠤᠶᠠᠨ ᠤ | ᠦᠢᠯᠡ ᠠᠵᠢᠯᠯᠠᠭ᠎ᠠ ᠨᠢ ᠨᠢᠭᠡ ᠠᠮᠢ ᠨᠠᠰᠤ ᠶᠢ ᠠᠪᠤᠷᠠᠵᠤ᠂ ᠨᠢᠭᠡ ᠭᠡᠷ ᠪᠦᠯᠢ ᠶᠢ ᠠᠪᠤᠷᠠᠵᠠᠢ᠃ ᠬᠡᠷᠡᠭ ᠤᠨ ᠳᠠᠷᠠᠭ᠎ᠠ᠂ ᠰᠦᠬᠡ ᠡᠬᠡᠨᠡᠷ ᠲᠠᠢ ᠪᠠᠨ ᠪᠦᠷᠢᠨᠳᠦ ᠶᠢᠨ | ᠬᠡᠷ ᠲᠤ ᠢᠷᠡᠵᠦ᠂ ᠲᠡᠭᠦᠨ ᠳᠤ ᠲᠠᠯᠠᠷᠬᠠᠯ ᠤᠨ ᠰᠡᠳᠬᠢᠯᠭᠡ ᠪᠠᠨ ᠢᠯᠡᠳᠬᠡᠬᠦ ᠶᠢᠨ ᠬᠠᠮᠲᠤ ᠬᠡᠮᠡᠷᠯᠢᠭ ᠲᠤᠭ ᠪᠡᠯᠡᠭᠯᠡᠵᠦ᠂ ᠨᠢᠭᠤᠷ ᠳᠦᠭᠦᠷᠡᠩ ᠨᠢᠯᠪᠤᠰᠤ | ᠠᠰᠬᠠᠷᠠᠭᠤᠯᠤᠨ᠄ ︽ᠴᠢ ᠪᠠᠶᠢᠭᠰᠠᠨ ᠥᠬᠡᠶ ᠪᠣᠯ ᠥᠨᠥᠳᠦᠷ ᠪᠢ ᠬᠡᠷ ᠤᠨ ᠬᠥᠮᠦᠰ ᠲᠠᠢ ᠪᠠᠨ ᠳᠠᠭᠢᠵᠤ ᠠᠭᠤᠯᠵᠠᠬᠤ ᠥᠬᠡᠶ︾ ᠭᠡᠵᠦ ᠬᠡᠯᠡᠪᠡ᠃ | ᠪᠦᠷᠢᠨᠲᠦ ᠂ ᠡᠨᠡᠬᠦ ᠡᠭᠡᠯ ᠵᠢᠷ ᠤᠨ ᠮᠠᠯᠴᠢᠨ ᠭᠡᠨᠡᠳᠲᠡ ᠶᠢᠨ ᠠᠶᠤᠯ ᠲᠦᠭᠰᠢᠭᠦᠷᠢᠲᠦ ᠪᠠᠶᠢᠳᠠᠯ ᠤᠨ ᠡᠮᠦᠨ᠎ᠡ᠂ ᠡᠷᠡᠰ ᠰᠢᠭᠤᠷᠬᠠᠢ ᠪᠠᠷ᠂ ᠠᠮᠢ ᠪᠡᠶ᠎ᠡ ᠪᠠᠨ | ᠬᠠᠶᠢᠬᠤᠷᠤᠯ ᠦᠭᠡᠢ ᠪᠠᠷ ᠦᠶᠡᠷ ᠤᠨ ᠤᠰᠤᠨ ᠳᠤ ᠦᠰᠦᠷᠦᠨ ᠣᠷᠣᠵᠤ᠂ ᠮᠠᠯᠴᠢᠨ ᠰᠦᠬᠡ ᠶᠢ ᠠᠮᠵᠢᠯᠲᠠ ᠲᠠᠢ ᠠᠪᠤᠷᠠᠵᠤ᠂ ᠰᠢᠨ᠎ᠡ ᠴᠠᠭ ᠦᠶ᠎ᠡ ᠶᠢᠨ | ᠮᠠᠯᠴᠢᠳ ᠤᠨ ᠬᠤᠷᠴᠠ ᠰᠡᠷᠭᠦᠯᠡᠩ ᠡᠷᠡᠯᠬᠡᠭ ᠪᠠᠭᠠᠲᠤᠷᠯᠢᠭ᠂ ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠬᠦ ᠡᠷᠬᠢᠮ ᠳᠡᠭᠡᠳᠦ ᠵᠠᠩ ᠴᠢᠨᠠᠷ ᠢ ᠪᠣᠳᠠᠲᠤ | ᠠᠵᠢᠯᠯᠠᠭ᠎ᠠ ᠪᠠᠷ ᠢᠶᠠᠨ ᠢᠯᠡᠷᠡᠭᠦᠯᠦᠭᠰᠡᠨ ᠪᠠᠶᠢᠨ᠎ᠠ᠃ |