ᠣᠷᠮ᠎ᠠ ᠬᠠᠶᠢᠷᠠᠯᠠᠬᠰᠠᠨ ᠣᠳᠬ᠎ᠠ ᠠᠭᠤᠯᠭ᠎ᠠ ᠲᠠᠢ ᠠᠵᠢᠯᠯᠠᠭᠠᠨ
ᠨᠡᠶᠢᠲᠡᠯᠡᠭᠰᠡᠨ ᠴᠠᠭ᠄
2023/12/8
         ᠣᠯᠤᠰ ᠤᠨ ᠪᠠᠶᠠᠷ ᠤᠨ ᠡᠳᠣᠷ ᠬᠦᠷᠴᠦ ᠢᠷᠡᠬᠦ ᠲᠠᠰᠢᠷᠠᠮ ᠢᠶᠠᠷ ᠪᠠᠭᠠᠷᠢᠨ ᠪᠠᠷᠠᠭᠤᠨ ᠬᠤᠰᠢᠭᠤᠨ ᠤ ᠵᠡᠮᠳᠡᠭᠴᠣᠳ ᠤᠨ ᠬᠤᠯᠪᠤᠭ᠎ᠠ ᠶᠢᠨ ᠬᠠᠮᠢᠶ᠎ᠡ ᠪᠦᠬᠦᠢ ᠬᠠᠷᠢᠭᠤᠴᠠᠯᠭᠠᠳᠡᠨ᠂ ᠵᠡᠮᠳᠡᠭ  ᠬᠦᠮᠤᠰ ᠤᠨ ᠭᠡᠷ ᠪᠦᠯᠢ ᠳᠤ ᠬᠦᠷᠴᠦ ᠲᠤᠬᠤᠨᠢᠭᠤᠯᠬᠤ ᠪᠤᠳᠡᠰ ᠬᠦᠷᠭᠡᠨ᠂ ᠪᠠᠶᠠᠷ ᠤᠨ ᠡᠳᠣᠷ ᠢᠶᠠᠨ ᠣᠳᠬ᠎ᠠ ᠠᠭᠤᠯᠭ᠎ᠠ ᠲᠠᠢ ᠦᠩᠭᠡᠷᠡᠬᠦᠯᠬᠦ ᠶᠢ ᠨᠢ  ᠣᠷᠮᠠᠰᠢᠭᠤᠯᠪᠠ᠃
1.jpg
2.jpg
        ᠣᠶᠢᠯᠠᠭᠠᠬᠰᠠᠨ ᠢᠶᠠᠷ ᠪᠠᠭᠠᠷᠢᠨ ᠪᠠᠷᠠᠭᠤᠨ ᠬᠤᠰᠢᠭᠤᠨ ᠤ ᠵᠡᠮᠳᠡᠭᠴᠣᠳ ᠤᠨ ᠬᠤᠯᠪᠤᠭ᠎ᠠ ᠨᠢ‌ᠵᠡᠮᠳᠡᠭᠴᠦᠳ ᠲᠤ ᠪᠤᠳᠡᠳᠦ ᠶᠠᠪᠤᠳᠡᠯ ᠬᠢᠬᠦ ᠳᠤ ᠪᠠᠨ ᠬᠦᠴᠢᠷ ᠠᠰᠠᠭᠤᠳᠡᠯ ᠢ ᠨᠢ ᠰᠢᠢᠳᠪᠤᠷᠢᠯᠡᠬᠦ ᠶᠢ ᠪᠤᠳᠡᠳᠦ ᠠᠵᠢᠯᠯᠠᠭ᠎ᠠ ᠪᠤᠯᠭᠠᠨ ᠬᠤᠪᠢᠷᠠᠭᠤᠯᠵᠦ ᠵᠡᠮᠳᠡᠭᠴᠦᠳ ᠤᠨ ᠢᠳᠡᠭᠡᠯᠳᠦ ᠲᠦᠷᠦᠭᠳᠡᠯ᠂ ᠵᠣᠯ ᠵᠢᠷᠭᠠᠯᠳᠦ ᠲᠦᠷᠦᠭᠳᠡᠯ᠂ ᠠᠮᠦᠷ ᠲᠦᠪᠰᠢᠨ ᠤ ᠲᠦᠷᠦᠭᠳᠡᠯ ᠢ ᠲᠠᠰᠣᠷᠠᠯᠳᠠ ᠦᠬᠡᠢ ᠨᠡᠮᠡᠭᠳᠡᠬᠦᠯᠬᠦ ᠶᠢ ᠵᠤᠷᠢᠵᠦ ᠪᠤᠢ᠃ ᠢᠩᠭᠢᠭᠰᠡᠨ ᠎ ᠢᠶᠠᠷ ᠲᠤᠰ ᠣᠳᠠᠭ᠎ᠠ ᠶᠢᠨ ᠠᠵᠢᠯᠯᠠᠭᠠᠨ ᠲᠡᠭᠡᠷ᠎ᠡ᠂ ᠬᠤᠰᠢᠭᠤᠨ ᠲᠦᠪ ᠎ ᠲᠤ ᠠᠵᠦ ᠲᠦᠷᠦᠵᠦ ᠪᠠᠶᠢᠭ᠎ᠠ ᠬᠡᠳᠦᠨ ᠵᠡᠮᠳᠡᠭ ᠬᠦᠮᠤᠰ ᠤᠨ ᠭᠡᠷ ᠪᠦᠯᠢ ᠳᠤ ᠬᠦᠷᠴᠦ᠂ ᠲᠡᠳᠡᠨ ᠤ ᠣᠳᠣᠬᠢ ᠠᠮᠢᠳᠣᠷᠠᠯ ᠤᠨ ᠪᠠᠶᠢᠳᠡᠯ ᠢ ᠨᠢ ᠠᠰᠠᠭᠤᠨ ᠰᠣᠷᠪᠤᠯᠵᠢᠯᠠᠵᠦ᠂ ᠦᠨᠳᠣᠰᠣᠨ ᠠᠮᠢᠳᠣᠷᠠᠯ ᠤᠨ ᠬᠢᠨᠢ ᠭᠡᠷᠡᠭᠴᠡᠭᠡ ᠱᠠᠭᠠᠷᠳᠠᠯᠭ᠎ᠠ ᠪᠦᠬᠦᠢ ᠵᠤᠶᠢᠯᠡᠰ ᠢ ᠨᠢ ᠲᠡᠮᠳᠡᠭᠯᠡᠨ ᠠᠪᠴᠦ ᠲᠡᠳᠡᠨ ᠤ ᠵᠤᠯ ᠵᠢᠷᠭᠠᠯᠳᠦ ᠠᠮᠢᠳᠣᠷᠠᠯ ᠢ ᠪᠠᠳᠣᠯᠠᠨ  ᠬᠠᠮᠠᠭᠠᠯᠠᠬᠤ ᠠᠵᠢᠯ ᠤᠨ ᠠᠬᠢᠴᠡ ᠶᠢ ᠲᠡᠭᠡᠭᠰᠢᠯᠡᠬᠦᠯᠵᠦ ᠪᠠᠶᠢᠨ᠎ᠠ᠃
3.jpg
4.jpg
        ᠬᠤᠰᠢᠭᠤᠨ ᠲᠦᠪ ᠲᠤ ᠰᠠᠭᠤᠭ᠎ᠠ ᠨᠢᠭᠡᠨ ᠭᠡᠤᠭᠡᠳ ᠨᠢ ᠭᠠᠭᠴᠠᠭᠠᠷᠳᠠᠮᠠᠯ ᠡᠪᠡᠳᠴᠢᠨ ᠲᠠᠢ ᠭᠡᠷ ᠪᠦᠯᠢ ᠶᠢᠨ ᠬᠢᠨ ᠤ ᠪᠠᠶᠢᠳᠡᠯ ᠳᠤ ᠪᠠᠭᠠᠷᠢᠨ ᠪᠠᠷᠠᠭᠤᠨ ᠬᠤᠰᠢᠭᠤᠨ ᠤ ᠵᠠᠮᠳᠡᠭᠴᠦᠳ ᠤᠨ ᠬᠤᠯᠪᠤᠭ᠎ᠠ ᠨᠢ  ᠦᠷᠬᠦᠯᠵᠢᠯᠡᠨ ᠠᠩᠬᠠᠷᠣᠯ ᠢᠶᠠᠨ ᠲᠠᠯᠪᠢᠵᠦ᠂ ᠲᠡᠳᠡᠨ ᠤ ᠲᠤᠯᠭᠠᠮ᠎ᠠ ᠬᠦᠴᠢᠷᠳᠡᠯ ᠢ ᠰᠢᠢᠳᠪᠤᠷᠢᠯᠡᠬᠦ ᠎ ᠪᠠᠷ ᠣᠯᠠᠨ ᠲᠠᠯ᠎ᠠ ᠠᠷᠭ᠎ᠠ  ᠬᠡᠮᠵᠢᠶ᠎ᠡ ᠠᠪᠤᠬᠰᠠᠨ ᠠᠴᠠ ᠡᠪᠡᠳᠴᠢᠳᠡᠨ ᠤ ᠭᠡᠷ ᠪᠦᠯᠢ ᠶᠢᠨ ᠬᠢᠨ ᠠᠴᠠ ᠪᠠᠶᠠᠷᠯᠠᠨ ᠲᠠᠯᠠᠷᠬᠠᠬᠤ ᠰᠡᠳᠬᠢᠯᠬᠡ ᠪᠠᠨ ᠢᠯᠡᠳᠭᠡᠵᠦ ᠪᠠᠶᠢᠯ᠎ᠠ᠃
5.jpg
6.jpg
        ᠪᠠᠭᠠᠷᠢᠨ ᠪᠠᠷᠠᠭᠤᠨ ᠬᠤᠰᠢᠭᠤᠨ ᠤ ᠵᠡᠮᠳᠡᠭᠴᠦᠳ ᠤᠨ ᠬᠤᠯᠪᠤᠭ᠎ᠠ ᠨᠢ ᠢᠩᠬᠢᠵᠦ ᠯᠡ ᠵᠡᠮᠳᠡᠭᠴᠦᠳ ᠤᠨ ᠬᠠᠮᠤᠭ ᠠᠴᠠ ᠬᠠᠯᠠᠮᠵᠢᠯᠠᠵᠦ ᠪᠠᠶᠢᠭ᠎ᠠ ᠵᠦᠢᠯ᠂ ᠬᠠᠮᠤᠭ ᠰᠢᠭᠤᠳ ᠭᠡᠷᠡᠭᠴᠡᠭᠡ ᠱᠠᠭᠠᠷᠳᠠᠯᠭ᠎ᠠ ᠠᠴᠠ ᠡᠬᠦᠰᠴᠦ᠂ ᠬᠠᠯᠠᠮᠵᠢᠯᠠᠨ ᠲᠠᠮᠵᠢᠬᠦ ᠠᠷᠭ᠎ᠠ ᠬᠡᠮᠵᠢᠶ᠎ᠡ ᠪᠠᠨ ᠲᠤᠬᠳᠠᠭᠠᠵᠦ᠂ ᠵᠡᠮᠳᠡᠭᠴᠦᠳ ᠲᠤ ᠠᠰᠢᠭ ᠬᠦᠷᠳᠡᠭᠡᠬᠦ ᠡᠯ᠎ᠡ ᠵᠦᠢᠯ ᠤᠨ ᠲᠦᠷᠦ ᠶᠢᠨ ᠪᠤᠳᠣᠯᠭ᠎ᠠ ᠶᠢ ᠤᠨᠤᠪᠴᠢᠳᠡᠢ ᠨᠠᠶᠢᠳᠠᠪᠤᠷᠢᠵᠢᠭᠤᠯᠵᠦ ᠪᠠᠶᠢᠨ᠎ᠠ᠃  ︵ᠴᠢᠮᠡᠬᠡᠯᠡᠭᠴᠢ ᠭᠠᠩᠪᠠᠭᠠᠳᠣᠷ ᠮᠡᠳᠡᠭᠡᠯᠡᠪᠡ︶
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ